2024-08-01 11:07:58
7 ᠰᠠᠷ᠎ᠠ᠎ᠶ᠋ᠢᠨ 30 ᠤ᠋ ᠡᠳᠦᠷ᠂ ᠡᠮᠦᠨᠡᠲᠦ ᠫᠠᠷᠢᠰ᠎ᠤᠨ ᠤᠷᠤᠯᠳᠤᠭᠠᠨ ᠤ ᠲᠠᠯᠠᠪᠤᠷ᠎ᠤᠨ 4 ᠳ᠋ᠤᠭᠡᠷ ᠣᠷᠳᠣᠨ᠎ᠳᠤ ᠶᠠᠪᠤᠭ᠍ᠳᠠᠭ᠍ᠰᠠᠨ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠫᠢᠩᠫᠠᠩ ᠪᠥᠮᠪᠥᠭᠡ᠎ᠶ᠋ᠢᠨ ᠡᠷᠡᠭᠲᠡᠢ ᠡᠮᠡᠭᠲᠡᠢ ᠬᠤᠯᠢᠯᠳᠤᠵᠤ ᠬᠤᠤᠰᠯᠠᠵᠤ ᠤᠷᠤᠯᠳᠤᠬᠤ ᠱᠢᠶ᠋ᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠠᠩᠬᠢ ᠵᠢᠨ ᠸᠠᠩ ᠴᠦ ᠴᠢᠨ / ᠰᠦᠨ ᠶᠢᠩ ᠱᠠ 4᠄ 2 ᠤ᠋ᠨ ᠬᠢᠷᠢ ᠪᠦᠲᠦᠮᠵᠢ ᠪᠡᠷ ᠰᠣᠯᠣᠩᠭᠣᠰ᠎ᠤᠨ ᠠᠩᠬᠢ ᠵᠢᠨ ᠯᠢ ᠵᠧᠩ ᡁᠢ/ᠵᠢᠨ ᠴᠢᠨ ᠶᠢᠩ᠎ᠢ ᠢᠯᠠᠵᠤ ᠮᠠᠩᠯᠠᠢᠯᠠᠪᠠ᠃ ᠡᠨᠡ ᠪᠣᠯ ᠳᠤᠮᠳᠠᠳᠤ ᠤᠯᠤᠰ᠎ᠤᠨ ᠫᠢᠩᠫᠠᠩ ᠪᠥᠮᠪᠥᠭᠡ᠎ᠶ᠋ᠢᠨ ᠠᠩᠭᠢ᠎ᠶ᠋ᠢᠨ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷᠡᠬᠢ ᠠᠩᠬᠠᠳᠠᠭ᠍ᠴᠢ ᠠᠯᠲᠠᠨ ᠮᠧᠳᠠᠯ ᠪᠤᠯᠤᠨ᠎ᠠ᠂ ᠨᠠᠩ ᠴᠤ᠌ ᠮᠠᠨ᠎ᠤ ᠤᠯᠤᠰ᠎ᠤᠨ ᠫᠢᠩᠫᠠᠩ ᠪᠥᠮᠪᠥᠭᠡ᠎ᠶ᠋ᠢᠨ ᠲᠡᠦᠬᠡᠨ ᠳᠡᠭᠡᠷᠡᠬᠢ ᠡᠷᠡᠭᠲᠡᠢ ᠡᠮᠡᠭᠲᠡᠢ ᠬᠤᠯᠢᠯᠳᠤᠵᠤ ᠬᠤᠤᠰᠯᠠᠵᠤ ᠤᠷᠤᠯᠳᠤᠬᠤ ᠲᠦᠷᠦᠯ ᠵᠦᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠩᠬᠠᠳᠠᠭ᠍ᠴᠢ ᠠᠯᠲᠠᠨ ᠮᠧᠳᠠᠯ ᠪᠤᠯᠤᠨ᠎ᠠ᠃ ᠡᠨᠡ ᠬᠦ᠌ ᠲᠡᠦᠬᠡᠲᠦ ᠠᠴᠢ ᠬᠣᠯᠪᠣᠭ᠍ᠳᠠᠯ ᠪᠦᠬᠦᠢ ᠠᠯᠲᠠᠨ ᠮᠧᠳᠠᠯ᠎ᠢ ᠬᠦᠷᠲᠡᠭᠰᠡᠨᠤ ᠳᠠᠷᠠᠭ᠎ᠠ ᠮᠠᠨ᠎ᠤ ᠤᠯᠤᠰ᠎ᠤᠨ ᠫᠢᠩᠫᠠᠩ ᠪᠥᠮᠪᠥᠭᠡ᠎ᠶ᠋ᠢᠨ ᠠᠩᠭᠢ ᠫᠠᠷᠢᠰ᠎ᠲᠤ ᠫᠢᠩᠫᠠᠩ ᠪᠥᠮᠪᠥᠭᠡ᠎ᠶ᠋ᠢᠨ ᠲᠦᠷᠦᠯ ᠵᠦᠢᠯ᠎ᠤᠨ 5 ᠠᠯᠲᠠᠨ ᠮᠧᠳᠠᠯ᠎ᠢ ᠪᠦᠬᠦᠨ᠎ᠢ ᠬᠦᠷᠲᠡᠬᠦ ᠪᠣᠯᠤᠮᠵᠢ ᠲᠠᠶ ᠪᠠᠢᠨ᠎ᠠ᠃

ᠵᠢᠷᠤᠭ ᠪᠣᠯ ᠸᠠᠩ ᠴᠦ ᠴᠢᠨ (ᠵᠡᠭᠦᠨᠳᠡᠬᠢ) ᠂ ᠰᠦᠨ ᠶᠢᠩ ᠱᠠ (ᠪᠠᠷᠠᠭᠤᠨᠳᠠᠬᠢ ) ᠱᠠᠩᠨᠠᠯ ᠤᠯᠭᠤᠬᠤ ᠶᠤᠰᠤᠯᠠᠯ ᠲᠡᠭᠡᠷ᠎ᠡ ᠪᠠᠢᠭ᠎ᠠ ᠨᠢ᠃
ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᠳ᠋ᠦᠩ ᠵᠧᠨ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃