2024-08-20 09:39:40
ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ ᠡᠴᠡ ᠤᠢᠯᠠᠭᠠᠬᠰᠠᠨ᠎ᠢᠶᠡᠷ᠂ 8 ᠰᠠᠷ᠎ᠠ ᠶ᠋ᠢᠨ 16 ᠤ᠋ ᠡᠳᠦᠷ ᠫᠠᠷᠢᠰ ᠤᠨ ᠵᠡᠮᠳᠡᠭ᠌ᠴᠦᠳ ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠪᠡᠭᠡᠵᠢᠩ ᠳᠦ ᠪᠠᠢᠭᠤᠯᠤᠭ᠍ᠳᠠᠵᠦ᠂ ᠮᠠᠨ᠎ᠤ ᠤᠷᠤᠨ᠎ᠤ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠡᠷᠡᠭ᠌ᠲᠡᠶ᠎ᠶ᠋ᠢᠨ ᠱᠢᠳᠡᠭᠦᠷ ᠵᠢᠳᠠ᠂ ᠬᠠᠷᠠᠭ᠎ᠠ ᠥᠭᠡᠢ ᠬᠥᠮᠤᠰ ᠤᠨ ᠡᠮᠡᠭ᠌ᠲᠡᠶ ᠶ᠋ᠢᠨ ᠵᠢᠦᠳᠣᠣ ᠵᠢᠨ ᠤᠷᠤᠯᠳᠤᠭᠠᠨ ᠬᠤᠶᠠᠷ ᠲᠦᠷᠦᠯ᠎ᠤᠨ 2 ᠲᠠᠮᠢᠷᠴᠢᠨ ᠰᠣᠩᠭᠣᠭ᠍ᠳᠠᠵᠠᠢ᠃
ᠤᠢᠯᠠᠭᠠᠬᠰᠠᠨ᠎ᠢᠶᠡᠷ ᠂ 17 ᠳ᠋ᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ 2024 ᠣᠨ᠎ᠤ 8 ᠰᠠᠷ᠎ᠠ᠎ᠶ᠋ᠢᠨ 28 ᠤ᠋ ᠡᠳᠦᠷ᠎ᠡᠴᠡ 9 ᠰᠠᠷ᠎ᠠ᠎ᠶ᠋ᠢᠨ 8 ᠤ᠋ ᠡᠳᠦᠷ ᠪᠣᠯᠲᠠᠯ᠎ᠠ ᠹᠷᠠᠨᠼᠢ᠎ᠶ᠋ᠢᠨ ᠫᠠᠷᠢᠰ᠎ᠲᠤ ᠶᠠᠪᠤᠭ᠍ᠳᠠᠨ᠎ᠠ ᠂ ᠫᠠᠷᠢᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠨᠡᠢᠲᠡ 22 ᠶᠡᠬᠡ ᠲᠥᠷᠥᠯ᠂ 549 ᠪᠠᠭ᠎ᠠ ᠲᠥᠷᠥᠯ ᠲᠤᠬᠢᠷᠠᠭᠤᠯᠵᠦ᠂ ᠪᠠᠷᠤᠭ 160 ᠤᠯᠤᠰ ᠪᠠ ᠭᠠᠵᠠᠷ ᠣᠷᠣᠨ᠎ᠤ 4400 ᠲᠠᠮᠢᠷᠴᠢᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃ ᠡᠨᠡ ᠨᠢ ᠮᠠᠨ᠎ᠤ ᠤᠯᠤᠰ 11 ᠳ᠋ᠤᠭᠡᠷ ᠤᠳᠠᠭ᠎ᠠ ᠪᠦᠯᠬᠦᠮ ᠲᠤᠮᠢᠯᠠᠵᠦ ᠵᠤᠨ᠎ᠤ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠪᠡᠷ ᠪᠠᠢᠭ᠎ᠠ ᠶᠠᠪᠤᠳᠠᠯ ᠪᠤᠯᠤᠨ᠎ᠠ᠃ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠬᠥᠮᠦᠨ᠎ᠦ ᠲᠣᠭ᠎ᠠ 516 ᠬᠥᠮᠦᠨ ᠪᠠᠢᠵᠤ᠂ ᠡᠭᠦᠨ᠎ᠦ ᠳᠣᠲᠣᠷ᠎ᠠ ᠲᠠᠮᠢᠷᠴᠢᠨ 284 ᠬᠦᠮᠦᠨ (ᠡᠷᠡᠭ᠌ᠲᠡᠶ ᠲᠠᠮᠢᠷᠴᠢᠨ 126 ᠬᠥᠮᠦᠨ᠂ ᠡᠮᠡᠭ᠌ᠲᠡᠶ ᠲᠠᠮᠢᠷᠴᠢᠨ 158 ᠬᠥᠮᠦᠨ)᠂ ᠳᠠᠰᠭᠠᠯᠵᠢᠭᠤᠯᠤᠭ᠍ᠴᠢ᠂ ᠠᠵᠢᠯᠲᠠᠨ᠂ ᠤᠷᠤᠯᠳᠤᠭᠠᠨ᠎ᠤ ᠲᠤᠰᠠᠯᠠᠬᠤ ᠠᠵᠢᠯᠲᠠᠨ 232 ᠬᠥᠮᠦᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃