2024-08-15 11:28:17
8 ᠰᠠᠷ᠎ᠠ᠎ᠶ᠋ᠢᠨ 10 ᠤ᠋ ᠡᠳᠦᠷ ᠪᠣᠯ ᠪᠢᠯᠢᠭ᠎ᠦᠨ ᠤᠯᠠᠷᠢᠯ᠎ᠦᠨ ᠲᠤᠯᠤᠭᠠᠨ ᠰᠠᠷ᠎ᠠ᠎ᠶ᠋ᠢᠨ ᠰᠢᠨ᠎ᠠ ᠵᠢᠨ ᠲᠤᠯᠤᠭᠠᠨ᠂ ᠲᠤᠮᠳᠠᠳᠤ ᠵᠢᠨ ᠪᠠᠰᠠ ᠨᠢᠭᠡᠨ ᠤᠯᠠᠮᠵᠢᠯᠠᠯᠳᠤ ᠪᠠᠶᠠᠷ ᠤᠨ ᠡᠳᠦᠷ ᠪᠣᠯᠤᠨ᠎ᠠ᠂ ᠲᠤᠰ ᠡᠳᠤᠷ ᠮᠠᠨ᠎ᠤ ᠤᠷᠤᠨ ᠳ᠋ᠤ ᠨᠡᠢᠲᠡ 1676 ᠰᠢᠨ᠎ᠠ ᠬᠤᠤᠰ ᠣᠷᠣᠭ ᠳᠠᠩᠰᠠᠯᠠᠭᠤᠯᠵᠠᠶ᠃
ᠰᠢᠯᠢᠳᠡᠭ ᠤᠯᠠᠮᠵᠢᠯᠠᠯᠳᠤ ᠤᠷᠤᠭ ᠢᠨᠠᠭ᠎ᠦᠨ ᠰᠤᠶᠤᠯ᠎ᠢ ᠤᠯᠠᠮᠵᠢᠯᠠᠨ ᠪᠠᠳᠠᠷᠠᠭᠤᠯᠵᠤ᠂ ᠱᠢᠨ᠎ᠡ ᠬᠤᠤᠰ ᠤ᠋ᠤᠨ ᠦᠨ 《ᠳᠤᠯᠤᠭᠠᠨ ᠰᠠᠷ᠎ᠠ ᠵᠢᠨ ᠰᠢᠨ᠎ᠡ ᠵᠢᠨ ᠳᠤᠯᠤᠭᠠᠨ》᠎ᠤ᠋ ᠤᠯᠠᠮᠵᠢᠯᠠᠯᠳᠤ ᠪᠠᠶᠠᠷ ᠤᠨ ᠡᠳᠦᠷ ᠲᠸ᠋ ᠣᠷᠣᠭ ᠳᠠᠩᠰᠠᠯᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠤᠷᠢᠳᠴᠢᠯᠠᠨ ᠲᠦᠯᠦᠪᠵᠢᠬᠦᠯᠵᠤ᠂ ᠭᠤᠤᠯᠳᠠᠯᠭ᠎ᠠ᠎ᠲᠠᠶ ᠪᠠᠢᠷᠢᠯᠠᠭᠤᠯᠤᠨ᠂ ᠦᠢᠯᠡᠴᠢᠯᠡᠭᠡ ᠵᠢ ᠰᠠᠢᠳᠤᠷ ᠬᠢᠪᠠ᠃ ᠠᠷᠠᠳ᠎ᠤᠨ ᠲᠥᠯᠥᠭᠡ ᠠᠵᠢᠯ ᠶᠠᠪᠤᠳᠠᠯ ᠬᠢᠬᠦ ᠦᠷ᠎ᠡ ᠪᠦᠲᠦᠮᠵᠢ ᠪᠡᠨ ᠳᠡᠭᠡᠭ᠌ᠰᠢᠯᠡᠭᠦᠯᠵᠤ᠂ ᠣᠷᠣᠭ ᠳᠠᠩᠰᠠᠯᠠᠬᠤ ᠪᠠᠢᠭᠤᠯᠭ᠎ᠠ ᠵᠢᠨ ᠬᠢᠨ ᠤᠷᠢᠳᠴᠢᠯᠠᠨ ᠪᠣᠯᠵᠣᠬᠤ ᠲᠦᠷᠢᠮ ᠪᠠ ᠨᠠᠮᠡᠬᠦᠷᠢ ᠦᠶ᠋ᠯᠡᠴᠢᠯᠡᠭᠡ ᠬᠠᠨᠭᠭᠠᠬᠤ ᠵᠢ ᠬᠡᠷᠡᠭᠵᠢᠬᠦᠯᠵᠦ᠂ ᠣᠷᠣᠭ ᠳᠠᠩᠰᠠᠯᠠᠬᠤ ᠴᠣᠩᠬᠣᠪᠴᠢ ᠵᠢᠴᠢ ᠠᠵᠢᠯᠲᠠᠨ ᠢ ᠴᠠᠭ ᠲᠤᠬᠠᠢ ᠳ᠋ᠤᠨᠢ ᠨᠡᠮᠡᠭ᠌ᠳᠡᠭᠦᠯᠦᠨ᠂ ᠳᠠᠩᠰᠠᠯᠠᠬᠤ ᠠᠵᠢᠯ᠎ᠤᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠪᠠ᠃ ᠡᠭᠦᠨ᠎ᠦ ᠬᠠᠮᠲᠤ᠂ ᠣᠯᠠᠨ ᠶᠠᠩᠵᠤ᠎ᠶ᠋ᠢᠨ ᠣᠷᠣᠭ ᠬᠤᠷᠢᠮ᠎ᠤᠨ ᠵᠠᠩ ᠦᠶ᠋ᠯᠡ᠎ᠶ᠋ᠢᠨ ᠠᠵᠢᠯᠯᠠᠭ᠎ᠠ ᠥᠷᠨᠢᠭᠦᠯᠵᠦ᠍᠂ ᠡᠯ᠎ᠡ ᠣᠷᠣᠭ ᠲᠠᠩᠰᠠᠯᠠᠬᠤ ᠪᠠᠢᠭᠤᠯᠭ᠎ᠠ ᠶ᠋ᠢ ᠵᠣᠬᠢᠶᠠᠨ ᠪᠠᠢᠭᠤᠯᠵᠤ 《ᠳᠤᠯᠤᠭᠠᠨ ᠰᠠᠷ᠎ᠠ ᠵᠢᠨ ᠰᠢᠨ᠎ᠡ ᠵᠢᠨ ᠳᠤᠯᠤᠭᠠᠨ》᠎ᠤ᠋ ᠤᠯᠠᠮᠵᠢᠯᠠᠯᠳᠤ ᠪᠠᠶᠠᠷ ᠤᠨ ᠡᠳᠦᠷ᠎ᠤᠨ ᠬᠠᠮᠲᠤ᠎ᠶ᠋ᠢᠨ ᠬᠤᠷᠢᠮ᠎ᠦᠨ ᠶᠣᠰᠣᠯᠠᠯ᠂ ᠦᠨᠡᠮᠯᠡᠯ ᠣᠯᠭᠣᠬᠤ ᠶᠣᠰᠣᠯᠠᠯ ᠵᠡᠷᠭᠡ ᠠᠵᠢᠯᠯᠠᠭᠠᠡᠷᠬᠢᠯᠡᠵᠦ᠂ ᠤᠯᠠᠮᠵᠢᠯᠠᠯᠲᠤ ᠰᠣᠶᠣᠯ ᠪᠠ ᠣᠲᠣ ᠦᠶ᠎ᠡ᠎ᠶ᠋ᠢᠨ ᠪᠣᠯᠪᠠᠰᠤᠨ ᠣᠷᠣᠭ ᠬᠤᠷᠢᠮ᠎ᠤᠨ ᠵᠠᠩ ᠦᠶ᠋ᠯᠡ᠎ᠶ᠋ᠢᠨ ᠠᠭᠤᠰᠤᠯᠴᠠᠨ ᠬᠥᠭ᠌ᠵᠢᠬᠦ ᠶ᠋ᠢ ᠠᠬᠢᠭᠤᠯᠵᠤ᠂ ᠰᠣᠶᠣᠯ᠎ᠤᠨ ᠢᠲᠡᠭᠡᠯ᠎ᠢ ᠨᠡᠮᠡᠭᠳᠡᠬᠦᠯᠵᠦ᠂ ᠣᠷᠣᠭ ᠬᠤᠷᠢᠮ᠎ᠤᠨ ᠵᠠᠩ ᠦᠶ᠋ᠯᠡ᠎ᠶ᠋ᠢᠨ ᠱᠢᠨ᠎ᠡ ᠬᠡᠪ ᠰᠤᠷᠲᠠᠯ᠎ᠢ ᠪᠣᠶ ᠪᠣᠯᠭᠠᠪᠠ᠃ ᠡᠬᠦᠨ ᠡᠴᠡ ᠭᠠᠳᠠᠨ᠎ᠠ᠂ ᠴᠣᠩᠬᠣᠪᠴᠢ ᠦᠶ᠋ᠯᠡᠴᠢᠯᠡᠭᠡ ᠪᠡᠷ ᠳᠠᠮᠵᠢᠭᠤᠯᠤᠨ ᠣᠷᠣᠭ ᠬᠤᠷᠢᠮ᠎ᠤᠨ ᠰᠣᠶᠣᠯ᠎ᠢ ᠤᠬᠠᠭᠤᠯᠵᠤ᠂ ᠪᠣᠯᠪᠠᠰᠤᠨ ᠣᠷᠣᠭ ᠬᠤᠷᠢᠮ᠎ᠤᠨ ᠵᠠᠩ ᠵᠠᠨᠭᠰᠢᠯᠢ ᠰᠠᠨᠠᠭᠠᠴᠢᠯᠠᠨ᠂ ᠣᠷᠣᠭ ᠬᠡᠷ ᠪᠦᠯᠢ᠎ᠶ᠋ᠢᠨ ᠬᠠᠪᠰᠤᠷᠤᠨ ᠵᠢᠯᠣᠭᠣᠳᠭᠤ ᠦᠶ᠋ᠯᠡᠴᠢᠯᠡᠭᠡ ᠵᠡᠷᠭᠡ ᠶ᠋ᠢ ᠭᠠᠷᠭᠠᠵᠤ᠂ ᠱᠢᠨ᠎ᠡ ᠬᠤᠤᠰ ᠤ᠋ᠤᠨ ᠲᠸ᠋ ᠣᠷᠣᠭ ᠬᠤᠷᠢᠮ᠎ᠤᠨ ᠰᠣᠶᠣᠯ᠎ᠤᠨ ᠦᠨᠡᠨ ᠶᠣᠰᠣ᠎ᠶ᠋ᠢ ᠮᠡᠳᠡᠷᠡᠭᠦᠯᠵᠦ᠍᠂ ᠣᠯᠠᠨ ᠲᠦᠮᠡᠨ᠎ᠤ ᠵᠥᠪ ᠣᠨᠣᠪᠴᠢᠲᠠᠶ ᠣᠷᠣᠭ ᠢᠨᠠᠭ᠎ᠤᠨ ᠦᠵᠡᠯᠲᠡ᠂ ᠬᠡᠷ ᠪᠦᠯᠢ᠎ᠶ᠋ᠢᠨ ᠦᠵᠡᠯᠲᠡ᠎ᠶ᠋ᠢ ᠪᠣᠶ ᠪᠣᠯᠭᠠᠵᠤ᠂ ᠪᠣᠯᠪᠠᠰᠤᠨ ᠱᠢᠨ᠎ᠡ ᠣᠷᠣᠭ ᠬᠤᠷᠢᠮ ᠤᠨ ᠵᠠᠩ ᠦᠶ᠋ᠯᠡ᠎ᠶ᠋ᠢᠨ ᠰᠠᠨᠠᠭᠠᠴᠢᠯᠠᠭ᠍ᠴᠢ᠂ ᠦᠶ᠋ᠯᠡᠳᠦᠯᠭᠡᠵᠢᠭᠦᠯᠦᠭ᠌ᠴᠢ ᠪᠤᠯᠬᠤ ᠵᠢ ᠬᠦᠳᠦᠯᠦᠨ ᠵᠢᠯᠤᠭᠤᠳᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃