2025-02-02 15:36:15
ᠠᠩᠬᠢᠯᠤᠮ᠎ᠠ ᠦᠨᠦᠷ ᠬᠠᠩᠬᠤᠯᠤᠭ᠍ᠰᠠᠨ ᠱᠥᠯᠥ᠎ᠡᠴᠡ ᠠᠮᠲᠠᠯᠠᠵᠤ᠂ ᠠᠮᠲᠠᠲᠤ ᠥᠷᠥᠮ᠎ᠡ ᠲᠠᠢ ᠲᠠᠩᠬᠤᠯᠤ ᠢᠳᠡᠨ᠎ᠠ ᠁ 1 ᠰᠠᠷ᠎ᠠ᠎ᠶ᠋ᠢᠨ 31 ᠤ᠋ ᠡᠳᠦᠷ — ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠳᠤ᠂ ᠬᠠᠭᠤᠴᠢᠨ ᠪᠤᠭᠤᠲᠤ ᠵᠢᠨ ᠪᠠᠷᠠᠭᠤᠨᠰᠢ ᠪᠤᠭᠤᠮᠳᠠ ᠪᠡᠷ ᠭᠠᠷᠤᠬᠰᠠᠨ ᠲᠡᠦᠬᠡ ᠰᠣᠶᠣᠯ᠎ᠤᠨ ᠵᠡᠭᠡᠯᠢ ᠲᠡᠭᠡᠷᠡᠤᠯᠠᠨ ᠭᠠᠵᠠᠷ ᠡᠴᠡ ᠬᠦᠷᠦᠯᠴᠡᠨ ᠢᠷᠡᠭᠰᠡᠨ ᠵᠢᠭᠤᠯᠴᠢᠯᠠᠬᠰᠠᠳ᠎ᠢᠶᠡᠷ ᠲᠦᠬᠦᠷᠴᠤ᠂ ᠤᠯᠠᠨ᠎ᠢᠶᠠᠷ᠎ᠢᠶᠠᠨ ᠠᠮᠲᠠᠲᠤ ᠢᠳᠡᠭᠡᠨ ᠢᠳᠡᠵᠦ᠍᠂ ᠦᠵᠡᠰᠭᠦᠯᠡᠩᠲᠦ ᠰᠠᠢᠬᠠᠨ ᠦᠵᠡᠮᠵᠢ᠎ᠶ᠋ᠢ ᠰᠣᠨᠢᠷᠬᠠᠵᠤ᠂ ᠬᠠᠭᠤᠴᠢᠨ ᠬᠤᠳᠠ᠎ᠶ᠋ᠢᠨ ᠬᠥᠭ᠌ᠵᠢᠯ ᠴᠡᠴᠡᠭ᠌ᠯᠡᠯ᠎ᠢ ᠪᠠᠬᠠᠷᠬᠠᠵᠤ ᠴᠠᠭᠠᠨ ᠰᠠᠷ᠎ᠠ ᠪᠠᠨ ᠤᠳᠬ᠎ᠠ ᠠᠭᠤᠯᠭ᠎ᠠ ᠲᠠᠢ ᠦᠩᠬᠡᠷᠡᠬᠦᠯᠦᠨᠡ᠃
ᠨᠡᠷᠬᠢᠯᠳᠤᠨ ᠬᠦᠬᠡᠷᠦᠯᠳᠦᠬᠦ ᠬᠥᠮᠦᠰ᠎ᠦᠨ ᠳᠤᠮᠳᠠ᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠵᠢᠨ ᠠᠷᠠᠳ᠎ᠤᠨ ᠴᠠᠭ᠍ᠳᠠᠭ᠎ᠠ ᠨᠡᠷ ᠨᠠᠭᠠᠰᠢ ᠴᠠᠭᠠᠰᠢ ᠰᠦᠯᠵᠢᠯᠳᠦᠨ ᠡᠮᠬᠢ ᠲᠢᠭᠯᠢᠮ᠎ᠢ ᠬᠠᠮᠠᠭᠠᠯᠠᠨ᠎ᠠ᠃ 《ᠴᠠᠭᠠᠨ ᠰᠠᠷ᠎ᠠ ᠵᠢᠭᠤᠯᠴᠢᠯᠠᠬᠤ᠎ᠪᠠᠷ ᠭᠠᠷᠴᠤ᠂ ᠦᠵᠡᠮᠵᠢ᠎ᠶ᠋ᠢᠨ ᠣᠷᠣᠨ᠎ᠳᠤ ᠠᠷᠠᠳ᠎ᠤᠨ ᠴᠠᠭ᠍ᠳᠠᠭ᠎ᠠ ᠲᠣᠭᠣᠷᠢᠨ ᠴᠠᠭ᠍ᠳᠠᠵᠤ ᠪᠠᠢᠬᠤ᠎ᠶ᠋ᠢ ᠦᠵᠡᠪᠠᠯ᠂ ᠮᠠᠰᠢ ᠠᠮᠤᠷ ᠲᠦᠪᠱᠢᠨ ᠰᠠᠨᠠᠭ᠍ᠳᠠᠨ᠎ᠠ》 ᠭᠡᠵᠦ᠍ ᠬᠤᠳᠠ᠎ᠶ᠋ᠢᠨ ᠠᠷᠠᠳ ᠵᠦ᠍ ᠠᠪᠤᠭᠠᠢ ᠬᠡᠯᠡᠪᠡ᠃
ᠪᠤᠭᠤᠲᠤ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠢ᠎ᠠ᠎ᠶ᠋ᠢᠨ ᠳ᠋ᠦᠩ ᠾᠧ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠢ᠎ᠠ᠎ᠶ᠋ᠢᠨ ᠳᠡᠳ᠋ ᠳᠠᠷᠤᠭ᠎ᠠ ᠯᠢᠦ ᠶᠦᠩ᠄《ᠬᠠᠭᠤᠴᠢᠨ ᠪᠤᠭᠤᠲᠤ ᠶ᠋ᠢᠨ ᠪᠠᠷᠠᠭᠤᠨᠰᠢ ᠪᠤᠭᠤᠮᠳᠠ ᠪᠡᠷ ᠭᠠᠷᠤᠬᠰᠠᠨ ᠲᠡᠦᠬᠡ ᠰᠣᠶᠣᠯ᠎ᠤᠨ ᠵᠡᠭᠡᠯᠢ ᠵᠢᠨᠲᠣᠭᠣᠷᠢᠭ ᠢ᠋ ᠨᠡᠭᠡᠭᠡᠮᠡᠭ᠌ᠴᠡ ᠪᠤᠭᠤᠲᠤ ᠬᠤᠳᠠ᠎ᠶ᠋ᠢᠨ ᠱᠢᠨ᠎ᠡ 〈ᠰᠦᠯᠵᠢᠶᠡᠨ᠎ᠦ ᠬᠠᠯᠠᠮᠰᠢᠯ ᠭᠠᠵᠠᠷ〉 ᠪᠤᠯᠵᠤ᠂ ᠵᠡᠭᠡᠯᠢ ᠵᠢᠨ ᠲᠣᠭᠣᠷᠢᠭ᠎ᠤᠨ ᠬᠥᠮᠦᠰ᠎ᠤᠨ ᠨᠠᠭᠠᠰᠢ ᠴᠠᠭᠠᠰᠢ ᠶᠠᠪᠤᠬᠤ ᠬᠡᠮᠵᠢᠶ᠎ᠡ ᠡᠳᠦᠷ ᠲᠤᠮᠳᠠᠴᠢ ᠪᠡᠷ 5 ᠲᠦᠮᠡᠨ ᠬᠥᠮᠦᠨ ᠤᠳᠠᠭ᠎ᠠ᠎ᠶ᠋ᠢ ᠳᠠᠪᠠᠪᠠ᠃ ᠴᠠᠭᠠᠨ ᠰᠠᠷ᠎ᠠ ᠪᠤᠯᠬᠤ ᠳ᠋ᠤ᠂ ᠡᠨᠡ ᠵᠡᠬᠡᠯᠢ ᠳ᠋ᠤ ᠵᠢᠭᠤᠯᠴᠢᠯᠠᠬᠤ ᠪᠡᠷ ᠬᠦᠷᠦᠯᠴᠡᠨ ᠢᠷᠡᠭᠰᠡᠨ ᠵᠢᠭᠤᠯᠴᠢᠯᠠᠬᠰᠠᠳ ᠶᠡᠬᠡ ᠪᠡᠷ ᠨᠡᠮᠡᠭᠳᠡᠪᠡ᠂ ᠲᠡᠳᠡ ᠨᠡᠷ᠎ᠤᠨ ᠪᠠᠶᠠᠷ ᠬᠦᠷ᠎ᠲᠡᠶ᠂ ᠰᠠᠨᠠᠭ᠎ᠠ ᠠᠮᠤᠷ᠂ ᠲᠠᠭᠠᠯᠠᠮᠵᠢᠲᠠᠢ ᠪᠠᠢᠬᠤ ᠵᠢ ᠪᠠᠳᠤᠯᠠᠬᠤ ᠪᠤᠯ ᠮᠠᠨ᠎ᠤ ᠡᠬᠦᠷᠬᠡ ᠶᠤᠮ》 ᠭᠡᠪᠡ᠃ ᠳ᠋ᠦᠩ ᠾᠧ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠨ ᠬᠢᠨ ᠱᠢᠨᠵᠢᠯᠡᠬᠦ᠌ ᠤᠬᠠᠭᠠᠨᠴᠢ᠎ᠪᠠᠷ ᠴᠠᠭ᠍ᠳᠠᠭᠠᠨ᠎ᠤ ᠬᠦᠴᠦᠨ᠎ᠢᠶᠡᠨ ᠲᠣᠬᠢᠷᠠᠭᠤᠯᠵᠤ᠂ ᠡᠷᠭᠢᠨ ᠲᠣᠭᠣᠷᠢᠨ᠎ᠤ ᠴᠠᠭ᠍ᠳᠠᠨ ᠰᠡᠷᠭᠡᠢᠯᠡᠬᠦ᠌ ᠠᠵᠢᠯ ᠵᠢᠡᠨ ᠴᠢᠩᠭᠠᠳᠭᠠᠵᠤ᠂ ᠣᠯᠠᠨ ᠲᠥᠷᠥᠯ᠎ᠦᠨ ᠴᠠᠭ᠍ᠳᠠᠭ᠎ᠠ ᠵᠢ ᠵᠤᠬᠢᠶᠠᠨ ᠪᠠᠢᠭᠤᠯᠵᠤ ᠬᠠᠮᠲᠤᠷᠠᠨ 《ᠪᠠᠢᠯᠳᠤᠵᠤ》᠂ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠱᠢᠶ᠋ᠳᠪᠦᠷᠢᠯᠡᠵᠦ᠍᠂ ᠵᠡᠭᠡᠯᠢ ᠵᠢᠨ ᠲᠣᠭᠣᠷᠢᠭ᠎ᠤᠨ ᠠᠮᠤᠷ ᠲᠦᠪᠱᠢᠨ ᠡᠮᠬᠢ ᠵᠢᠷᠤᠮ᠎ᠲᠠᠶ ᠪᠠᠢᠬᠤ᠎ᠶ᠋ᠢ ᠦᠨᠡᠨ ᠬᠦ᠌ ᠪᠠᠲᠤᠯᠠᠪᠠ᠃
ᠲᠤᠰ ᠡᠳᠦᠷ᠎ᠦᠨ ᠦᠳᠡ᠎ᠶ᠋ᠢᠨ ᠡᠮᠦᠨ᠎ᠡ᠂ ᠵᠡᠭᠡᠯᠢ ᠵᠢᠨ ᠲᠣᠭᠣᠷᠢᠭ᠎ᠲᠤ ᠬᠥᠮᠦᠨ᠎ᠦ ᠳᠠᠯᠠᠢ ᠪᠣᠯᠵᠤ᠂ ᠨᠢᠬᠡᠨ ᠬᠡᠤᠬᠡᠳ ᠤ᠋ᠨ ᠤᠬᠢᠯᠠᠬᠤ ᠳᠠᠭᠤᠨ ᠳ᠋ᠦᠩ ᠾᠧ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠨ ᠬᠣᠲᠣᠩ ᠠᠷᠠᠳ᠎ᠤᠨ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠴᠧᠩ ᠫᠧᠩ ᠢᠦᠢ᠎ᠶ᠋ᠢᠨ ᠠᠩᠬᠠᠷᠤᠯ᠎ᠢ ᠲᠠᠲᠠᠪᠠ᠂ ᠤᠤᠯ ᠨᠢ ᠨᠢᠭᠡᠨ ᠪᠢᠴᠢᠬᠠᠨ ᠨᠠᠢᠵᠠ ᠡᠵᠢᠡᠴᠡᠪᠡᠨ ᠰᠠᠯᠤᠭᠠᠳ ᠡᠷᠢᠵᠤ ᠤᠯᠬᠤ ᠦᠬᠡᠢ ᠤᠬᠢᠯᠠᠵᠤ ᠪᠠᠢᠵᠠᠢ᠃ ᠴᠧᠩ ᠫᠧᠩ ᠢᠦᠢ᠎ᠶ᠋ᠢᠨ ᠬᠠᠪᠰᠤᠷᠤᠯᠭ᠎ᠠ ᠳᠣᠣᠷ᠎ᠠ᠂ ᠪᠢᠴᠢᠬᠠᠨ ᠨᠠᠢᠵᠠ ᠡᠵᠢ᠎ᠪᠡᠨ ᠡᠷᠢᠵᠦ᠍ ᠣᠯᠤᠭᠠᠳ᠂ ᠠᠶᠠᠷᠯᠠᠬᠤ ᠳᠠᠭᠠᠨ ᠭᠠᠷ ᠳᠠᠯᠠᠯᠤᠨ ᠰᠠᠯᠬᠤ ᠶᠣᠰᠣ ᠭᠦᠢᠴᠡᠳᠭᠡᠪᠡ᠃
《ᠴᠠᠭᠠᠨ ᠰᠠᠷ᠎ᠠ᠎ᠵᠢᠨ ᠵᠢᠵᠢᠭᠦᠷᠯᠡᠬᠦ᠌ ᠬᠤᠭᠤᠴᠠᠭᠠᠨ᠎ᠳᠤ᠂ ᠣᠯᠠᠨ ᠲᠦᠮᠡᠨ᠎ᠤ ᠲᠤᠰᠠᠯᠠᠮᠵᠢ ᠬᠦᠰᠡᠭᠰᠡᠨᠭᠤᠤᠯ ᠬᠣᠶᠠᠷ ᠵᠦᠶ᠋ᠯ ᠬᠡᠪᠡᠯ᠂ ᠨᠢᠭᠡ ᠨᠢ ᠡᠳ᠋ ᠪᠣᠳᠠᠰ᠎ᠢᠶᠡᠨ ᠭᠡᠭᠡᠬᠦ᠌᠂ ᠨᠥᠭᠥᠭᠡ ᠨᠢ ᠬᠡᠦᠬᠡᠳ ᠠᠪᠤ ᠡᠵᠢ ᠡᠴᠡ ᠪᠠᠨ ᠰᠠᠯᠵᠤ ᠲᠥᠭᠡᠷᠢᠬᠦ᠌ ᠶᠠᠪᠤᠳᠠᠯ ᠪᠣᠯᠤᠨ᠎ᠠ》᠃ ᠴᠧᠩ ᠫᠸᠩ ᠢᠦᠶ ᠰᠤᠷᠪᠤᠯᠵᠢᠯᠠᠭ᠍ᠴᠢ᠎ᠳᠤ᠂ ᠵᠡᠭᠡᠯᠢ ᠵᠢᠨ ᠲᠤᠭᠤᠷᠢᠬ ᠪᠠᠢᠭᠤᠯᠤᠭ᠍ᠳᠠᠭ᠍ᠰᠠᠨ᠎ᠡᠴᠡ ᠨᠠᠭᠠᠰᠢ᠂ ᠲᠡᠷᠡ ᠨᠢᠭᠡᠨᠲᠡ ᠣᠯᠠᠨ ᠲᠦᠮᠡᠨ᠎ᠦ ᠲᠤᠰᠠᠯᠠᠮᠵᠢ᠎ᠶ᠋ᠢ 16 ᠤᠳᠠᠭ᠎ᠠ ᠲᠤᠰᠴᠤ᠂ ᠲᠥᠭᠡᠷᠢᠭ᠌ᠰᠡᠨ 2 ᠬᠡᠦᠬᠡᠳ᠎ᠢ ᠬᠠᠪᠰᠤᠷᠤᠨ ᠠᠪᠤ ᠡᠵᠢ ᠵᠢ ᠨᠢ ᠡᠷᠢᠵᠦ᠍ ᠤᠯᠵᠦ ᠦᠭᠴᠠᠢ᠃
ᠬᠠᠭᠤᠴᠢᠨ ᠪᠤᠭᠤᠲᠤ᠎ᠶ᠋ᠢᠨ ᠪᠠᠷᠠᠭᠤᠨᠰᠢ ᠪᠤᠭᠤᠮᠳᠠ ᠪᠡᠷ ᠭᠠᠷᠤᠬᠰᠠᠨ ᠨᠡᠬᠦᠳᠡᠯ ᠤ᠋ᠨ ᠲᠡᠦᠬᠡ ᠰᠣᠶᠣᠯ᠎ᠤᠨ ᠵᠡᠭᠡᠯᠢ ᠵᠢᠨᠲᠣᠭᠣᠷᠢᠭ ᠨᠢ ᠬᠣᠲᠣᠩ ᠠᠷᠠᠳ᠎ᠤᠨ ᠲᠣᠮᠢᠯᠠᠭ᠍ᠰᠠᠨ ᠰᠠᠯᠪᠤᠷᠢ᠎ᠶ᠋ᠢᠨ ᠬᠠᠷᠢᠶ᠎ᠠ ᠣᠷᠣᠨ᠎ᠳᠤ ᠬᠠᠷᠢᠶᠠᠯᠠᠭ᠍ᠳᠠᠨ᠎ᠠ᠂ ᠡᠨᠡ ᠵᠢᠯ᠎ᠦᠨ ᠴᠠᠭᠠᠨ ᠰᠠᠷ᠎ᠠ᠎ᠳᠤ᠂ ᠬᠣᠲᠣᠩ ᠠᠷᠠᠳ᠎ᠤᠨ ᠲᠣᠮᠢᠯᠠᠭ᠍ᠰᠠᠨ ᠰᠠᠯᠪᠤᠷᠢ᠎ᠶ᠋ᠢᠨ ᠵᠢᠭᠠᠨ ᠵᠢᠯᠤᠭᠤᠳᠤᠬ᠍ᠴᠢ ᠱᠢᠤᠸᠠᠢ ᠯᠸᠢ ᠪᠦᠬᠦ᠌ ᠠᠷᠠᠳ᠎ᠤᠨ ᠴᠠᠭ᠍ᠳᠠᠭ᠎ᠠ᠎ᠪᠠᠨ ᠳᠠᠭᠠᠭᠤᠯᠤᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠥᠷᠯᠥᠭᠡ᠎ᠡᠴᠡ ᠤᠷᠤᠢ ᠪᠣᠯᠲᠠᠯ᠎ᠠ 3 ᠡᠳᠦᠷ ᠳᠠᠷᠠᠭᠠᠯᠠᠨ ᠶᠠᠭᠠᠷᠠᠵᠤ᠂ ᠡᠳᠦᠷ ᠲᠤ᠌ 2.5 ᠲᠦᠮᠡᠨ ᠠᠯᠬᠤᠮ ᠶᠠᠪᠤᠬᠰᠠᠨ ᠠᠵᠢ᠃ ᠡᠮᠬᠢ ᠵᠢᠷᠤᠮ᠎ᠲᠠᠶ ᠵᠡᠭᠡᠯᠢ ᠵᠢᠨ ᠲᠤᠭᠤᠷᠢᠬ ᠢ᠋ ᠬᠠᠷᠠᠭᠠᠳ᠂ ᠱᠢᠤᠸᠠᠢ ᠯᠸᠢ᠄ 《ᠤᠯᠠᠨ ᠲᠦᠮᠡᠨ᠎ᠤ ᠠᠮᠤᠷ ᠠᠮᠤᠭᠤᠯᠠᠩ᠎ᠢ ᠰᠠᠬᠢᠨ ᠬᠠᠮᠠᠭᠠᠯᠠᠵᠤ ᠪᠠᠢᠬᠤ ᠤᠴᠢᠷ ᠡᠴᠡ ᠪᠢᠳᠡ ᠶᠠᠳᠠᠷᠠᠵᠤ ᠵᠦᠳᠡᠷᠡᠭᠰᠡᠨ ᠴᠤ᠌ ᠲᠤᠩ ᠤᠳᠬ᠎ᠠ ᠠᠭᠤᠯᠭ᠎ᠠ ᠲᠠᠢ ᠰᠠᠨᠠᠬᠳᠠᠬᠤ ᠶᠤᠮ》 ᠬᠡᠵᠤ ᠢᠨᠢᠶᠡᠮᠰᠦᠭ᠌ᠯᠡᠨ ᠬᠡᠯᠡᠪᠡ᠃
ᠬᠠᠭᠤᠴᠢᠨ ᠪᠤᠭᠤᠲᠤ ᠵᠢᠨ ᠪᠠᠷᠠᠭᠤᠨᠰᠢ ᠪᠤᠭᠤᠮᠳᠠ ᠪᠡᠷ ᠭᠠᠷᠤᠬᠰᠠᠨ ᠲᠡᠦᠬᠡ ᠰᠣᠶᠣᠯ᠎ᠤᠨ ᠵᠡᠭᠡᠯᠢ ᠲᠡᠭᠡᠷ᠎ᠡ ᠪᠠᠰᠠ ᠱᠠᠨ ᠰᠢ ᠵᠦᠴᠦᠭᠡ᠂ ᠬᠤᠶᠠᠷ ᠬᠦᠮᠤᠨ ᠤ᠋ ᠡᠯᠬᠦᠯᠴᠡᠬᠡ ᠁ ᠠᠯᠢ ᠤᠯᠠᠨ ᠭᠣᠢᠳᠠ ᠰᠠᠢᠬᠠᠨ ᠲᠣᠭ᠍ᠯᠠᠯᠲᠠ ᠭᠠᠷᠭᠠᠵᠤ᠂ ᠨᠡᠩ ᠤᠯᠠᠨ ᠵᠢᠭᠤᠯᠴᠢᠯᠠᠬᠴᠢ ᠵᠢᠨ ᠠᠩᠬᠠᠷᠤᠯ᠎ᠢ ᠲᠠᠳᠠᠪᠡ᠂ ᠲᠡᠳᠡ ᠡᠨᠡ ᠵᠠᠬᠡᠯᠢ ᠡᠴᠡ ᠪᠠᠷᠠᠭᠤᠨ ᠣᠷᠣᠨ᠎ᠤ ᠵᠠᠩ ᠦᠢᠯᠡ᠎ᠶ᠋ᠢ ᠪᠡᠶᠡᠴᠢᠯᠡᠨ ᠣᠢᠯᠠᠭᠠᠵᠤ᠂ ᠪᠤᠭᠤᠲᠤ ᠬᠤᠳᠠ᠎ᠶ᠋ᠢᠨ ᠦᠨᠦᠳᠦᠷ᠎ᠤᠨ ᠬᠦᠭᠵᠢᠯ ᠴᠡᠴᠡᠭᠯᠡᠯ᠎ᠢ ᠪᠡᠶ᠎ᠡ ᠰᠡᠳᠬᠢᠯ᠎ᠢᠶᠡᠷ᠎ᠢᠶᠡᠨ ᠮᠡᠳᠡᠷᠡᠵᠦ᠍ ᠪᠢᠯᠡ᠃
ᠰᠥᠨᠢ᠎ᠶ᠋ᠢᠨ ᠬᠥᠱᠢᠭᠡ ᠪᠠᠭᠤᠬᠤ ᠦᠶ᠎ᠠ ᠪᠡᠷ ᠵᠢᠵᠢᠭᠦᠷᠯᠡᠵᠦ᠍ ᠪᠠᠢᠭ᠎ᠠ ᠠᠷᠠᠳ᠎ᠤᠨ ᠴᠠᠭ᠍ᠳᠠᠭ᠎ᠠ ᠨᠡᠷ ᠮᠥᠷᠥᠨ ᠳᠡᠭᠡᠷᠡᠬᠢ ᠰᠡᠷᠡᠮᠵᠢ᠎ᠶ᠋ᠢᠨ ᠳ᠋ᠧᠩ᠎ᠢᠶᠡᠨ ᠠᠰᠠᠭᠠᠵᠤ᠂ ᠬᠥᠮᠦᠰ᠎ᠦᠨ ᠳᠤᠮᠳᠠᠭᠤᠷ ᠰᠦᠯᠵᠢᠯᠳᠤᠨ ᠦᠷᠬᠦᠯᠵᠢᠯᠡᠨ ᠵᠢᠵᠢᠬᠦᠷᠯᠡᠵᠤ ᠤᠯᠠᠨ ᠲᠦᠮᠡᠨ᠎ᠤ ᠠᠮᠤᠷ ᠠᠮᠤᠭᠤᠯᠠᠩ᠎ᠢ ᠬᠠᠮᠠᠭᠠᠯᠠᠵᠤ ᠶᠠᠪᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃