ᠰᠣᠶᠣᠯ ᠤᠷᠠᠯᠢᠭ > ᠴᠠᠭᠠᠨ ᠰᠠᠷ᠎ᠠ2025

2025-02-02 15:40:24

ᠵᠣᠬᠢᠶᠠᠭ᠍ᠴᠢ᠄ ᠭᠤᠤ ᠬᠤᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠮᠡᠳᠡᠭᠡ᠎ᠶ᠋ᠢ ᠦᠨᠳᠦᠰᠦᠯᠡᠪᠡᠯ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠲᠦᠷᠦᠬᠦᠦ 3 ᠡᠳᠦᠷ ᠲᠤ᠌᠂ ᠲᠠᠷᠤᠢ 1 ᠰᠠᠷ᠎ᠠ᠎ᠶ᠋ᠢᠨ 28᠎ᠡᠴᠡ 30 ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠣᠷᠣᠨ ᠪᠦᠰᠡ ᠰᠤᠨᠳᠠᠯᠠᠵᠦ ᠠᠶᠠᠯᠠᠬᠰᠠᠨ ᠬᠦᠮᠦᠨ᠎ᠤ ᠲᠤᠭ᠎ᠠ ᠨᠡᠢ᠌ᠳᠡ 824.39 ᠲᠦᠮᠡᠨ ᠬᠥᠮᠦᠨ ᠤᠳᠠᠭ᠎ᠠ᠎ᠳᠤ ᠬᠦᠷᠴᠡᠢ᠃

ᠪᠥᠬᠥ᠌ ᠣᠷᠣᠨ᠎ᠤ ᠡᠵᠡᠩᠨᠡᠯᠲᠡ᠎ᠶ᠋ᠢᠨ ᠴᠢᠨᠠᠷᠲᠠᠶ ᠠᠶᠠᠨᠴᠢᠳ᠎ᠤᠨ ᠵᠦᠭᠡᠭᠡᠪᠦᠷᠢ᠎ᠶ᠋ᠢᠨ ᠬᠡᠮᠵᠢᠶ᠎ᠡ ᠨᠡᠢᠲᠡ 48.41 ᠲᠦᠮᠡᠨ ᠬᠥᠮᠦᠨ ᠤᠳᠠᠭ᠎ᠠ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 7.51% ᠪᠠᠷ ᠨᠡᠮᠡᠭ᠌ᠳᠡᠪᠡ᠃ ᠡᠭᠦᠨ᠎ᠳᠦ᠂ ᠲᠡᠮᠦᠷ ᠵᠠᠮ᠎ᠤᠨ ᠠᠶᠠᠨᠴᠢᠳ᠎ᠤᠨ ᠵᠥᠭᠡᠭᠡᠪᠦᠷᠢ᠎ᠶ᠋ᠢᠨ ᠬᠡᠮᠵᠢᠶ᠎ᠡ ᠨᠡᠢᠲᠡ 28.92 ᠲᠦᠮᠡᠨ ᠬᠥᠮᠦᠨ ᠤᠳᠠᠭ᠎ᠠ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 7.86% ᠪᠠᠷ ᠨᠡᠮᠡᠭ᠌ᠳᠡᠪᠡ; ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ᠎ᠶ᠋ᠢᠨ ᠬᠡᠮᠵᠢᠶ᠎ᠡ ᠨᠡᠢᠲᠡ 2.7 ᠲᠦᠮᠡᠨ ᠬᠥᠮᠦᠨ ᠤᠳᠠᠭ᠎ᠠ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ ᠡᠴᠠ 75.39% ᠪᠡᠷ ᠨᠡᠮᠡᠭ᠌ᠳᠡᠵᠡᠶ; ᠠᠷᠠᠳ᠎ᠤᠨ ᠠᠭᠠᠷ᠎ᠤᠨ ᠵᠦᠭᠡᠭᠡᠪᠦᠷᠢ᠎ᠶ᠋ᠢᠨ ᠠᠶᠠᠨᠴᠢᠳ᠎ᠤᠨ ᠵᠦᠭᠡᠭᠡᠪᠦᠷᠢ᠎ᠶ᠋ᠢᠨ ᠬᠡᠮᠵᠢᠶ᠎ᠡ ᠨᠡᠢᠲᠡ 16.79 ᠲᠦᠮᠡᠨ ᠬᠥᠮᠦᠨ ᠤᠳᠠᠭ᠎ᠠ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 0.67% ᠎ᠪᠠᠷ ᠨᠡᠮᠡᠭ᠌ᠳᠡᠪᠡ᠃

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌᠂ ᠠᠮᠠᠷᠠᠯᠲᠠ᠎ᠶ᠋ᠢᠨ ᠬᠤᠭᠤᠴᠠᠭᠠᠨ᠎ᠳᠤ ᠭᠠᠳᠠᠭ᠍ᠰᠢ ᠭᠠᠷᠬᠤ ᠠᠮᠤᠷ ᠲᠦᠪᠱᠢᠨ ᠪᠠ ᠰᠠᠭᠠᠳ ᠥᠬᠡᠶ ᠠᠶᠠᠯᠠᠬᠤ ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ ᠪᠠᠢᠨ᠎ᠠ᠃ 1 ᠰᠠᠷ᠎ᠠ᠎ᠶ᠋ᠢᠨ 24 ᠤ᠋ ᠡᠳᠦᠷ ᠴᠠᠰᠤ ᠣᠷᠣᠭ᠍ᠰᠠᠨ᠎ᠡᠴᠡ ᠨᠠᠭᠠᠰᠢ᠂ ᠪᠥᠬᠥ᠌ ᠣᠷᠣᠨ᠎ᠤ 20 ᠵᠤᠷᠪᠤᠰ ᠲᠦᠷᠭᠡᠨ᠎ᠤ ᠵᠠᠰᠠᠮᠠᠯ ᠵᠠᠮ᠎ᠤᠨ 2892 ᠺᠢᠯᠣᠮᠧᠲ᠋ᠷ᠂ 13 ᠵᠤᠷᠪᠤᠰ ᠤᠯᠤᠰ᠎ᠤᠨ ᠪᠠ ᠮᠤᠵᠢ᠎ᠶ᠋ᠢᠨ ᠭᠤᠤᠯ ᠵᠠᠮ ᠱᠤᠭᠤᠮ᠎ᠤᠨ 1228 ᠺᠢᠯᠣᠮᠧᠲ᠋ᠷ᠎ᠤᠨ ᠵᠠᠮ ᠨᠥᠯᠥᠭᠡᠯᠡᠭ᠌ᠳᠡᠵᠦ᠍᠂ 1 ᠰᠠᠷ᠎ᠠ᠎ᠶ᠋ᠢᠨ 30᠎ᠤ᠋ ᠡᠳᠦᠷ᠎ᠦᠨ 18 ᠴᠠᠭ ᠪᠣᠯᠲᠠᠯ᠎ᠠ᠂ ᠨᠢᠭᠡᠨᠲᠡ ᠪᠦᠬᠦᠨ᠎ᠢ ᠨᠡᠪᠲᠡᠷᠡᠭᠦᠯᠪᠡ᠃ ᠨᠡᠢᠲᠡ 15760 ᠤᠳᠠᠭ᠎ᠠ ᠵᠢᠨ ᠠᠵᠢᠯᠲᠡᠨ᠂ 4312 ᠡᠭᠡᠯᠵᠢ ᠵᠢᠨ ᠡᠯ᠎ᠡ ᠲᠥᠷᠥᠯ᠎ᠦᠨ ᠲᠡᠷᠭᠡ ᠵᠢ ᠮᠦᠰᠦ ᠴᠠᠰᠤ ᠠᠷᠢᠯᠭᠠᠬᠤ ᠠᠵᠢᠯ᠎ᠳᠤ ᠣᠷᠣᠯᠴᠠᠭᠤᠯᠵᠤ᠂ 15116 ᠲᠣᠨ ᠴᠠᠰᠤ ᠬᠠᠢᠯᠤᠭᠤᠯᠬᠤ ᠡᠳ᠋᠂ 4287 ᠪᠣᠰᠣᠭ᠎ᠠ ᠳᠥᠷᠪᠡᠯᠵᠢᠨ ᠮᠧᠲ᠋ᠷ ᠭᠤᠯᠭᠤᠬᠤ᠎ᠶ᠋ᠢ ᠰᠡᠷᠭᠡᠢᠯᠡᠬᠦ᠌ ᠡᠳ᠋ ᠰᠠᠴᠤᠵᠤ᠂ ᠨᠡᠢᠲᠡ 20.8 ᠲᠦᠮᠡᠨ ᠺᠢᠯᠣᠮᠧᠲ᠋ᠷ᠎ᠤᠨ ᠵᠠᠮ᠎ᠢ ᠠᠷᠢᠯᠭᠠᠨ ᠴᠡᠪᠡᠷᠯᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面