2025-02-12 11:18:30
ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠤᠯᠠᠨ ᠲᠦᠮᠡᠨ ᠦ ᠪᠠᠶᠠᠷ ᠤᠨ ᠡᠳᠦᠷ᠎ᠦᠨ ᠰᠣᠶᠣᠯ ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠪᠠᠶᠠᠷ ᠬᠦᠷ ᠲᠠᠢ ᠦᠯᠵᠡᠢ ᠪᠡᠯᠭᠡ ᠲᠠᠢ ᠥᠯᠵᠡᠢᠲᠦ ᠡᠳᠦᠷ᠎ᠦᠨ ᠪᠠᠶᠠᠷᠳᠤ ᠠᠭᠤᠷ ᠠᠮᠢᠰᠭᠤᠯ᠎ᠢ ᠪᠤᠢ ᠪᠣᠯᠭᠠᠬᠤ᠎ᠶ᠋ᠢᠨ ᠲᠥᠯᠥᠭᠡ ᠥᠪᠥᠷ ᠮᠣᠩᠭᠣᠯ ᠤᠨ ᠦᠵᠡᠰᠭᠦᠯᠡᠩ᠎ᠦᠨ ᠣᠷᠳᠣᠨ᠂ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠥᠯᠵᠡᠢᠲᠦ ᠡᠳᠦᠷ᠎ᠢ ᠪᠡᠯᠭᠡᠯᠡᠬᠦ᠌᠂ ᠣᠨᠢᠰᠤᠭ᠎ᠠ ᠲᠠᠭᠠᠬᠤ᠂ ᠥᠩᠭᠡᠲᠦ ᠳ᠋ᠧᠩᠯᠦ᠍ ᠬᠢᠬᠦ᠌ ᠵᠡᠷᠭᠡ ᠪᠠᠶᠠᠯᠢᠭ ᠰᠠᠢᠬᠠᠨ ᠠᠵᠢᠯᠯᠠᠭ᠎ᠠ᠎ᠶ᠋ᠢ ᠨᠠᠷᠢᠨ ᠨᠢᠮᠪᠠᠢ ᠪᠡᠯᠡᠳᠭᠡᠵᠦ᠍᠂ ᠪᠠᠶᠠᠷ ᠪᠠᠶᠠᠰᠤᠯ ᠲᠠᠢ ᠬᠠᠯᠠᠭᠤᠨ ᠳᠤᠯᠠᠭᠠᠨ ᠥᠯᠵᠡᠢᠲᠦ ᠡᠳᠦᠷ᠎ᠦᠨ ᠪᠠᠶᠠᠷ᠎ᠢ ᠬᠠᠮᠲᠤ᠎ᠪᠠᠷ ᠥᠩᠭᠡᠷᠡᠭᠦᠯᠬᠦ ᠪᠡᠷ ᠪᠤᠢ᠃

ᠵᠢᠷᠤᠭ ᠪᠤᠯ 2 ᠰᠠᠷ᠎ᠠ᠎ᠶ᠋ᠢᠨ 11 ᠤ᠋ ᠡᠳᠦᠷ᠂ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠤ ᠲᠠᠢᠯᠪᠤᠷᠢᠯᠠᠭ᠍ᠴᠢ ᠪᠢᠴᠢᠬᠠᠨ ᠨᠠᠢᠵᠠ᠎ᠨᠠᠷ᠎ᠲᠤ ᠥᠩᠭᠡᠲᠦ ᠳ᠋ᠧᠩᠯᠦ ᠬᠢᠬᠦ᠌ ᠠᠯᠬᠤᠮ ᠳᠠᠷᠠᠭ᠎ᠠ ᠪᠠ ᠤᠷ᠎ᠠ ᠮᠡᠷᠭᠡᠵᠢᠯ᠎ᠢ ᠲᠠᠢᠯᠪᠤᠷᠢᠯᠠᠵᠤ ᠥᠭ᠌ᠴᠤ ᠪᠠᠢᠭ᠎ᠠ ᠨᠢ᠃
ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠯᠸᠢ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃