2025-07-15 11:02:16
ᠲᠦᠷᠦᠬᠦᠬᠡᠨ᠂ ᠬᠦᠯᠦᠨ ᠪᠤᠢᠷ ᠬᠤᠲᠠ ᠵᠢᠨ ᠱᠢᠨ᠎ᠡ ᠪᠠᠷᠭᠤ ᠪᠠᠷᠠᠭᠤᠨ ᠬᠤᠱᠢᠭᠤ ᠤᠮᠠᠷᠠᠲᠤ ᠬᠢᠯᠢ᠎ᠶ᠋ᠢᠨ ᠰᠣᠶᠣᠯ ᠵᠢᠡᠷ ᠰᠡᠳᠦᠪᠯᠡᠭᠰᠡᠨ ᠵᠢᠷᠤᠭ ᠲᠦᠯᠦᠪᠯᠡᠬᠡ᠎ᠵᠢᠨ ᠵᠠᠷᠯᠠᠯ ᠤᠨ ᠦᠵᠡᠭᠦᠯᠭᠡ ᠵᠢᠴᠢ ᠵᠢᠷᠤᠭ ᠲᠦᠯᠦᠪᠯᠡᠬᠡ ᠵᠢᠨ ᠵᠠᠷᠯᠠᠯ ᠤᠨ ᠤᠷᠤᠯᠳᠤᠭᠠᠨ᠎ᠤ ᠱᠠᠩᠨᠠᠯ ᠣᠯᠭᠤᠬᠤ ᠶᠣᠰᠣᠯᠠᠯ ᠬᠢᠪᠡ᠃ ᠣᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠵᠢᠷᠤᠭ ᠲᠦᠯᠦᠪᠯᠡᠭᠡ ᠵᠢᠨ ᠵᠠᠷᠯᠠᠯ ᠤᠨ ᠤᠷᠤᠯᠳᠤᠭᠠᠨ ᠢ 2025 ᠣᠨ᠎ᠤ 4 ᠰᠠᠷ᠎ᠠ᠎ᠠᠴᠠ ᠡᠬᠢᠯᠡᠭᠦᠯᠵᠦ᠂ 《ᠤᠮᠠᠷᠠᠲᠤ ᠬᠢᠯᠢ᠎ᠶ᠋ᠢ ᠵᠢᠷᠤᠭ᠍ᠯᠠᠵᠤ᠂ ᠱᠢᠨ᠎ᠡ ᠪᠠᠷᠭᠤ ᠪᠠᠷᠠᠭᠤᠨ ᠬᠤᠱᠢᠭᠤ᠎ᠶ᠋ᠢ ᠬᠠᠷᠠᠭᠤᠯᠤᠨ᠎ᠠ》 — ᠱᠢᠨ᠎ᠡ ᠪᠠᠷᠭᠤ ᠪᠠᠷᠠᠭᠤᠨ ᠬᠤᠱᠢᠭᠤᠨ᠎ᠤ ᠤᠮᠠᠷᠠᠲᠤ ᠬᠢᠯᠢ᠎ᠶ᠋ᠢᠨ ᠰᠣᠶᠣᠯ᠎ᠢᠶᠠᠷ ᠰᠡᠳᠦᠪᠯᠡᠭᠰᠡᠨ ᠵᠢᠷᠤᠭ ᠲᠦᠯᠦᠪᠯᠡᠬᠡ ᠵᠢᠨ ᠵᠠᠷᠯᠠᠯ ᠢ ᠨᠡᠢᠭᠡᠮᠳᠡᠭᠡᠷᠡ ᠢᠯᠡ᠎ᠪᠠᠷ ᠡᠯᠰᠡᠵᠡᠢ᠃ ᠲᠦᠪ ᠴᠢᠩᠭ᠎ᠠ ᠱᠢᠯᠭᠠᠷᠠᠭᠤᠯᠤᠯᠲᠠ᠎ᠪᠠᠷ ᠳᠡᠮᠵᠢᠨ᠂ ᠨᠢᠭᠡᠳᠦᠭᠡᠷ ᠳᠡᠰ ᠲᠤ 1᠂ ᠬᠤᠶᠠᠳᠤᠭᠠᠷ ᠳᠡᠰ ᠲᠸ᠋ 2᠂ ᠭᠤᠷᠪᠠᠳᠤᠭᠠᠷ ᠳᠡᠰ ᠲᠤ 3 ᠪᠦᠲᠦᠭᠡᠯ᠎ᠢ ᠰᠢᠯᠭᠠᠷᠠᠭᠤᠯᠵᠤ᠂ 6 ᠪᠦᠲᠦᠭᠡᠯ ᠤᠨᠴᠠᠯᠢᠬ᠍ᠳᠤ ᠪᠦᠲᠦᠭᠡᠯ ᠵᠢᠡᠷ ᠲᠤᠳᠤᠷᠠᠨ᠂ 10 ᠪᠦᠲᠦᠭᠡᠯ ᠨᠢ ᠱᠢᠯᠢᠳᠡᠭ ᠱᠠᠩᠨᠠᠯ ᠲᠤᠰᠴᠠᠢ᠃ ᠤᠷᠤᠯᠳᠤᠭᠠᠨ᠎ᠳᠤ ᠤᠷᠤᠯᠴᠠᠭᠰᠠᠨ ᠪᠦᠲᠦᠭᠡᠯ ᠢ ᠳᠡᠯᠭᠡᠨ ᠦᠵᠡᠭᠦᠯᠵᠦ᠂ ᠱᠢᠨ᠎ᠡ ᠪᠠᠷᠭᠤ ᠪᠠᠷᠠᠭᠤᠨ ᠬᠤᠱᠢᠭᠤᠨ ᠤ ᠪᠠᠢᠭᠠᠯᠢ ᠠᠮᠢ ᠠᠬᠤᠶ᠂ ᠰᠣᠶᠣᠯ ᠢᠷᠭᠡᠨᠱᠢᠯ ᠪᠠ ᠲᠡᠤᠬᠡ᠎ᠶ᠋ᠢ ᠳᠡᠯᠭᠡᠨ ᠬᠠᠷᠠᠭᠤᠯᠵᠠᠢ᠃ ᠵᠢᠷᠤᠭ ᠪᠤᠯ ᠦᠵᠡᠭᠦᠯᠭᠡ ᠵᠢ ᠰᠤᠨᠢᠷᠬᠠᠵᠤ ᠪᠠᠢᠭ᠎ᠠ ᠨᠢ᠃

ᠤᠶᠠᠬᠠᠨ ᠵᠤᠤ ᠷᠦᠢ ᠹᠠᠩ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃