ᠰᠣᠶᠣᠯ ᠤᠷᠠᠯᠢᠭ > ᠠᠶᠠᠯᠭᠤᠲᠤ ᠵᠢᠭᠤᠯᠴᠢᠯᠠᠯ ᠦᠪᠦᠷ ᠮᠤᠩᠭᠣᠯ

2025-06-25 11:54:32

ᠵᠣᠬᠢᠶᠠᠭ᠍ᠴᠢ᠄ ᠴᠢᠮᠪᠠᠶ ᠣᠩᠱᠢᠭ᠍ᠰᠠᠨ ᠣᠳᠠᠭ᠎ᠠ᠄ 3

ᠬᠣᠶᠠᠳᠤᠭᠠᠷ ᠬᠤᠭᠤᠴᠠᠭᠠᠨ᠎ᠤ 《ᠳᠤᠮᠳᠠᠳᠤ ᠤᠯᠤᠰ᠎ᠤᠨ ᠼᠢᠷᠺ ᠎ᠤᠨ ᠤᠮᠠᠷᠠᠲᠤ ᠬᠢᠯᠢ ᠎ᠶᠢᠨ ᠠᠶᠠᠯᠠᠯ》 ᠤᠳᠠᠯ ᠥᠬᠡᠶ ᠡᠬᠢᠯᠡᠨ᠎ᠠ

6 ᠰᠠᠷ᠎ᠠ᠎ᠶᠢᠨ 26 ᠎ᠡᠴᠡ 27 ᠎ᠤ ᠡᠳᠦᠷ ᠪᠣᠯᠲᠠᠯ᠎ᠠ᠂ᠳᠤᠮᠳᠠᠳᠤ ᠤᠯᠤᠰ᠎ᠤᠨ ᠼᠢᠷᠺᠴᠢᠳ᠎ᠦᠨ ᠨᠡᠶ᠋ᠢᠭᠡᠮᠯᠢᠭ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠᠤᠷᠠᠯᠢᠭ᠎ᠤᠨ ᠬᠢᠨ᠎ᠦ ᠬᠣᠯᠪᠣᠭᠠᠲᠤ᠌ ᠬᠤᠷᠠᠯ᠎ᠠᠴᠠ ᠬᠠᠮᠲᠤᠷᠠᠨ ᠡᠷᠭᠢᠯᠡᠵᠦ᠍᠂ ᠥᠪᠥᠷ ᠮᠣᠩᠭᠣᠯ᠎ᠤᠨ ᠼᠢᠷᠺᠴᠢᠳ᠎ᠦᠨᠨᠡᠶ᠋ᠢᠭᠡᠮᠯᠢᠭ᠎ᠡᠴᠡ ᠳᠠᠭᠠᠭᠠᠨ ᠡᠷᠭᠢᠯᠡᠭᠰᠡᠨ ᠬᠣᠶᠠᠳᠤᠭᠠᠷ ᠬᠤᠭᠤᠴᠠᠭᠠᠨ᠎ᠤ《ᠳᠤᠮᠳᠠᠳᠤ ᠤᠯᠤᠰ᠎ᠤᠨᠼᠢᠷᠺ᠎ᠦᠨ ᠤᠮᠠᠷᠠᠲᠤ ᠬᠢᠯᠢ᠎ᠶᠢᠨ ᠠᠶᠠᠯᠠᠯ》 ᠎ᠤᠨ ᠰᠣᠳᠣᠨ ᠪᠦᠲᠦᠭᠡᠯ᠎ᠦᠨᠦᠵᠡᠭᠦᠯᠭᠡ ᠵᠢᠨ ᠲᠤᠬᠯᠠᠯᠳᠠ ᠎ᠶᠢ ᠥᠪᠥᠷ ᠮᠣᠩᠭᠣᠯ᠎ᠤᠨ ᠤᠷᠠᠯᠢᠭ ᠵᠦᠴᠦᠭᠡ᠎ᠶᠢᠨ ᠬᠦᠷᠢᠶᠡᠯᠡᠩ ᠎ᠦᠨ ᠳᠠᠭᠤᠤ ᠬᠥᠭᠵᠢᠮ᠎ᠦᠨ ᠲᠢᠩᠬᠢᠮ᠎ᠳᠦᠲᠣᠭᠯᠠᠬᠤ ᠪᠡᠷ ᠪᠠᠢᠨ᠎ᠠ᠃



ᠲᠣᠰ ᠤᠳᠠᠭᠠᠨ᠎ᠤ ᠦᠵᠡᠭᠦᠯᠭᠡ᠎ᠳᠦ ᠪᠡᠭᠡᠵᠢᠩ᠂ ᠲᠢᠶᠠᠨᠵᠢᠨ᠂ᠾᠸᠪᠸᠢ᠂ ᠵᠧᠵᠢᠶᠠᠩ᠂ ᠱᠠᠨᠳᠦ᠋ᠩ᠂ ᠰᠸᠴᠤᠸᠠᠨ ᠵᠡᠷᠭᠡ ᠪᠥᠬᠥ᠌ ᠤᠯᠤᠰ᠎ᠤᠨ ᠣᠯᠠᠨ ᠭᠠᠵᠠᠷ᠎ᠤᠨ ᠣᠷᠣᠶ᠋ᠢᠯᠠᠭᠰᠠᠨᠬᠦᠷᠢᠶᠡᠯᠡᠩ ᠪᠦᠯᠬᠦᠮ ᠵᠢᠴᠢ ᠥᠪᠥᠷ ᠮᠣᠩᠭᠣᠯ ᠎ᠤᠨ ᠨᠤᠳᠤᠭ ᠤ᠋ᠨ ᠰᠤᠳᠤᠴᠤᠤᠯ ᠲᠥᠪᠯᠡᠷᠡᠵᠦ᠍᠂ ᠤᠯᠤᠰ᠎ᠤᠨ ᠳᠣᠲᠣᠭᠠᠳᠤᠭᠠᠳᠠᠭᠠᠳᠤ᠎ᠶᠢᠨ ᠳᠡᠭᠡᠳᠦ ᠳᠦᠪᠰᠢᠨ᠎ᠤ ᠤᠷᠤᠯᠳᠤᠭᠠᠨ᠎ᠤ ᠲᠠᠯᠠᠪᠠᠶ᠎ᠳᠦ ᠭᠢᠯᠠᠯᠵᠠᠨ ᠣᠨᠴᠠ ᠢᠷᠠᠭᠤ ᠠᠯᠳᠠᠷ ᠣᠯᠤᠭᠰᠠᠨᠼᠢᠷᠺ᠎ᠦᠨ ᠤᠷᠠᠯᠢᠭ᠎ᠤᠨ ᠰᠣᠳᠣᠨ ᠪᠦᠲᠦᠭᠡᠯ ᠤ᠋ᠳ ᠴᠤᠭᠯᠠᠷᠠᠭᠰᠠᠨ ᠶᠤᠮ᠃ ᠡᠦ ᠴᠢᠶᠣᠤ ᠼᠢᠷᠺ ᠎ᠦᠨ ᠳᠡᠯᠡᠬᠡᠶ᠎ᠶᠢᠨᠵᠢᠭᠤᠯᠴᠢᠯᠠᠯ᠎ᠤᠨ ᠬᠢᠵᠠᠭᠠᠷᠲᠤ᠌ ᠺᠣᠮᠫᠠᠨᠢ᠎ᠶᠢᠨ 《ᠰᠣᠯᠣᠩᠭᠠᠨ ᠬᠡᠩᠭᠡᠷᠭᠡ》᠂ ᠲᠢᠶᠠᠨᠵᠢᠨ ᠬᠣᠲᠠ᠎ᠶᠢᠨ ᠼᠢᠷᠺ᠎ᠦᠨ ᠪᠦᠯᠬᠦᠮ᠎ᠦᠨ 《ᠬᠥᠬᠡ ᠬᠤᠸᠠᠷ᠎ᠲᠠᠶ ᠱᠠᠭᠠᠵᠠᠩ》᠂ ᠥᠪᠥᠷ ᠮᠣᠩᠭᠣᠯ᠎ᠤᠨᠤᠷᠠᠯᠢᠭ ᠵᠦᠴᠦᠭᠡ᠎ᠶᠢᠨ ᠬᠦᠷᠢᠶᠡᠯᠡᠩ ᠎ᠦᠨ ᠼᠢᠷᠺ᠎ᠦᠨ ᠪᠦᠯᠬᠦᠮ᠎ᠦᠨ《ᠮᠦᠯᠠᠨᠪᠤᠴᠠᠭᠰᠠᠨ ᠨᠢ》ᠵᠡᠷᠭᠡ 13 ᠭᠠᠶ᠋ᠢᠬᠠᠮᠰᠢᠭᠲᠠᠶᠲᠣᠭᠯᠠᠯᠲᠠ ᠨᠢ ᠳᠤᠮᠳᠠᠳᠤ᠎ᠶᠢᠨ ᠰᠣᠶᠣᠯ᠎ᠤᠨ ᠰᠢᠮᠡᠯᠢᠭ ᠬᠥᠷᠥᠰᠥᠨ᠎ᠳᠦ ᠭᠦᠨ ᠦᠨᠳᠦᠰᠦᠯᠡᠵᠦ᠍᠂ ᠪᠠᠶᠠᠯᠢᠭ ᠰᠠᠶ᠋ᠢᠬᠠᠨᠠᠮᠢᠳᠤᠷᠠᠯ ᠪᠠ ᠴᠠᠭ ᠦᠶ᠎ᠡ᠎ᠶᠢᠨ ᠳᠦᠷᠰᠦ ᠪᠠᠶ᠋ᠢᠳᠠᠯ᠎ᠢ ᠬᠠᠷᠠᠭᠤᠯᠤᠭᠰᠠᠨ ᠪᠠᠶ᠋ᠢᠨ᠎ᠠ᠃


QQ20250625-115715.png


ᠣᠶ᠋ᠢᠯᠠᠭᠠᠭᠰᠠᠨ᠎ᠢᠶᠠᠷ᠂ ᠲᠣᠰ ᠤᠳᠠᠭᠠᠨ ᠎ᠤ ᠠᠵᠢᠯᠯᠠᠭ᠎ᠠ᠎ᠨᠢᠰᠢᠷᠢᠰ ᠠᠵᠢᠯᠯᠠᠭ᠎ᠠ ᠪᠠᠢᠵᠥ᠂ ᠶᠧᠯᠸᠢ ᠼᠢᠷᠺ ᠎ᠦᠨ ᠰᠣᠳᠣᠨ ᠪᠦᠲᠦᠭᠡᠯ ᠎ᠦᠨ ᠦᠵᠡᠭᠦᠯᠭᠡ᠎ᠶᠢᠨ ᠲᠣᠭᠯᠠᠯᠲᠠ᠎ᠠᠴᠠᠭᠠᠳᠠᠨ᠎ᠠ ᠪᠠᠰᠠ ᠦᠨᠳᠦᠰᠦᠨ ᠱᠠᠲᠤᠨ᠎ᠳᠤ ᠭᠦᠨᠵᠡᠭᠡᠶ᠋ᠢᠷᠡᠬᠦ᠌ ᠰᠢᠷᠢᠰ ᠲᠣᠭᠯᠠᠯᠲᠠ ᠭᠠᠷᠭᠠᠵᠤ᠂ ᠲᠣᠰ ᠤᠳᠠᠭᠠᠨ᠎ᠤᠠᠵᠢᠯᠯᠠᠭ᠎ᠠ ᠎ᠪᠠᠷ ᠳᠠᠮᠵᠢᠭᠤᠯᠤᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠨ᠂ ᠵᠣᠬᠢᠶᠠᠨ ᠪᠦᠲᠦᠭᠡᠬᠦ᠌ ᠣᠩᠭᠣᠳᠬᠠᠢᠵᠦ᠂ ᠣᠷᠣᠨ ᠎ᠤ ᠳᠣᠲᠣᠨ᠎ᠠ ᠭᠠᠳᠠᠨᠠᠬᠢ ᠼᠢᠷᠺ᠎ᠦᠨ ᠬᠦᠷᠢᠶᠡᠯᠡᠩ ᠪᠦᠯᠬᠦᠮ᠎ᠦᠨ ᠰᠣᠯᠢᠯᠴᠠᠭ᠎ᠠ᠂ ᠬᠠᠮᠲᠤᠷᠠᠯᠴᠠᠭᠠᠨ ᠎ᠤᠲᠠᠪᠴᠠᠩ ᠎ᠢ ᠪᠠᠶ᠋ᠢᠭᠤᠯᠵᠥ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠰᠣᠶᠣᠯ ᠎ᠢᠶᠠᠷ ᠠᠷᠠᠳ᠎ᠲᠤ᠌ ᠠᠰᠢᠭ ᠬᠦᠷᠲᠡᠭᠡᠬᠦ᠌᠂ᠰᠣᠶᠣᠯ ᠎ᠢᠶᠠᠷ ᠠᠷᠠᠳ᠎ᠲᠤ᠌ ᠪᠠᠶᠠᠷ ᠭᠦᠷ ᠨᠡᠮᠡᠷᠢᠯᠡᠭᠦ᠂ ᠰᠣᠶᠣᠯ ᠎ᠢᠶᠠᠷ ᠠᠷᠠᠳ ᠎ᠲᠤ᠌ ᠦᠢᠯᠡᠴᠢᠯᠡᠬᠦ᠌》 ᠵᠣᠷᠢᠯᠲᠠ᠎ᠶᠢ ᠦᠢᠯᠡᠳᠦᠯᠭᠡᠵᠢᠭᠦᠯᠵᠦ᠍᠂ ᠠᠷᠠᠳ ᠣᠯᠠᠨ᠎ᠤ ᠰᠣᠶᠣᠯ ᠎ᠤᠨ ᠠᠮᠢᠳᠤᠷᠠᠯ ᠎ᠢ ᠤᠯᠠᠮᠨᠢᠭᠡ ᠠᠯᠬᠤᠮ ᠪᠠᠶᠠᠯᠢᠭᠵᠢᠭᠤᠯᠤᠨ᠂ ᠣᠯᠠᠨ ᠲᠦᠮᠡᠨ᠎ᠳᠦ ᠡᠯᠪᠡᠭ ᠪᠠᠶᠠᠯᠢᠭ ᠤᠳᠬ᠎ᠠ ᠤᠷᠠᠯᠢᠭ᠎ᠤᠨ ᠰᠢᠮ᠎ᠡ ᠬᠠᠩᠭᠠᠵᠤ᠂ᠥᠪᠥᠷ ᠮᠣᠩᠭᠣᠯ᠎ᠤᠨ ᠼᠢᠷᠺ ᠎ᠦᠨ ᠦᠢᠯᠡᠰ ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠎ᠶᠢ ᠵᠤᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面