ᠰᠣᠶᠣᠯ ᠤᠷᠠᠯᠢᠭ > ᠠᠶᠠᠯᠭᠤᠲᠤ ᠵᠢᠭᠤᠯᠴᠢᠯᠠᠯ ᠦᠪᠦᠷ ᠮᠤᠩᠭᠣᠯ

2025-06-29 12:29:19

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠦᠨᠳᠦᠷ ᠳᠡᠭᠡᠷ᠎ᠠ ᠡᠴᠡ ᠡᠷᠬᠢᠯᠳᠦᠨ ᠪᠠᠭᠤᠵᠦ᠂ ᠦᠵᠡᠬᠦ ᠬᠠᠷᠠᠬᠤ ᠵᠢᠨ ᠵᠠᠢ ᠳ᠋ᠦ ᠤᠪᠢᠳᠠᠰ ᠤᠷᠤᠰᠢᠭᠰᠠᠨ ᠬᠡᠮᠡᠷ ᠶᠧᠯᠧᠢ ᠦᠵᠡᠭᠴᠢᠳ ᠢ᠋ ᠭᠠᠢᠬᠠᠰᠢ ᠠᠯᠳᠠᠭᠤᠯᠤᠨ᠎ᠠ᠃ 6 ᠰᠠᠷ᠎ᠠ ᠶ᠋ᠢᠨ 26 ᠪᠤᠯᠤᠨ 27 ᠤ᠋ ᠤᠷᠤᠢ᠂ ᠳᠤᠮᠳᠠᠳᠤ ᠤᠯᠤᠰ ᠤ᠋ᠨ ᠼᠢᠷᠺᠴᠢᠳ ᠤ᠋ᠨ ᠨᠡᠢᠭᠡᠮᠯᠢᠭ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠬᠠᠮᠲᠤᠷᠠᠨ ᠡᠷᠬᠢᠯᠡᠭᠰᠡᠨ ᠬᠣᠶᠠᠳᠤᠭᠠᠷ ᠬᠤᠭᠤᠴᠠᠭᠠᠨ ᠤ᠋ 《ᠳᠤᠮᠳᠠᠳᠤ ᠤᠯᠤᠰ ᠤ᠋ᠨ ᠼᠢᠷᠺ ᠤ᠋ᠨ ᠤᠮᠠᠷᠠᠲᠤ ᠬᠢᠯᠢ ᠶ᠋ᠢᠨ ᠠᠶᠠᠯᠠᠯ》 ᠤ᠋ᠨ ᠰᠣᠳᠣᠨ ᠪᠦᠲᠦᠭᠡᠯ ᠤ᠋ᠨ ᠦᠵᠡᠭᠦᠯᠭᠡ ᠵᠢᠨ ᠲᠤᠭᠯᠠᠯᠳᠠ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠳᠠᠭᠤᠤ ᠬᠥᠭ᠌ᠵᠢᠮ ᠤ᠋ᠨ ᠲᠢᠩᠬᠢᠮ ᠳ᠋ᠦ ᠶᠠᠪᠤᠭᠳᠠᠪᠠ᠃

ᠲᠣᠰ ᠤᠳᠠᠭ᠎ᠠ ᠵᠢᠨ ᠲᠤᠭᠯᠠᠯᠳᠠ ᠳ᠋ᠦ ᠪᠡᠭᠡᠵᠢᠩ᠂ ᠲᠢᠶᠠᠨᠵᠢᠨ᠂ ᠾᠸᠪᠸᠢ᠂ ᠵᠧᠵᠢᠶᠠᠩ᠂ ᠱᠠᠨᠳᠦ᠋ᠩ᠂ ᠰᠸᠴᠤᠸᠠᠨ ᠵᠡᠷᠭᠡ ᠪᠥᠬᠥ᠌ ᠤᠯᠤᠰ ᠤ᠋ᠨ ᠣᠯᠠᠨ ᠭᠠᠵᠠᠷ ᠤ᠋ᠨ ᠣᠷᠣᠢᠯᠠᠭ᠍ᠰᠠᠨ ᠬᠦᠷᠢᠶᠡᠯᠡᠩ ᠪᠦᠯᠬᠦᠮ ᠵᠢᠴᠢ ᠥᠪᠥᠷ ᠮᠣᠩᠭᠣᠯ ᠤ᠋ᠨ ᠰᠤᠳᠤᠨ ᠤᠷᠠᠯᠢᠭᠴᠢᠳ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠲᠡᠷᠢᠭᠦᠨ ᠲᠠᠰ ᠤ᠋ᠨ ᠤᠷᠤᠯᠳᠤᠭᠠᠨ᠎ᠲᠡᠮᠡᠴᠡᠭᠡᠨ ᠳ᠋ᠦ ᠣᠨᠴᠠ ᠢᠷᠠᠭᠤ ᠠᠯᠳᠠᠷ ᠬᠦᠷᠳᠡᠭᠰᠡᠨ ᠼᠢᠷᠺ ᠤᠷᠠᠯᠢᠭ ᠤ᠋ᠨ ᠰᠣᠳᠣᠨ ᠪᠦᠲᠦᠭᠡᠯ ᠵᠢᠡᠨ ᠰᠤᠨᠢᠷᠬᠠᠭᠤᠯᠵᠠᠢ᠃ ᠦ᠋ ᠴᠢᠶᠣᠤ ᠼᠢᠷᠺ ᠤ᠋ᠨ ᠴᠢᠭᠤᠯᠭᠠᠨ ᠺᠣᠮᠫᠠᠨᠢ ᠶ᠋ᠢᠨ 《ᠲᠤᠷᠭ᠎ᠠ ᠲᠤᠷᠳᠤᠩ ᠬᠢᠭᠡᠳ ᠬᠡᠩᠭᠡᠷᠭᠡ ᠶ᠋ᠢᠨ ᠵᠦᠭᠡᠯᠡᠨ ᠡᠭᠡᠱᠢᠭ》᠂ ᠵᠢᠨᠠᠨ ᠬᠣᠲᠠ ᠶ᠋ᠢᠨ ᠼᠢᠷᠺ ᠤ᠋ᠨ ᠪᠦᠯᠬᠦᠮ ᠤ᠋ᠨ 《ᠠᠶᠠᠯᠠᠭ᠍ᠴᠢ — ᠰᠢᠷᠤᠭ ᠳᠡᠭᠡᠷᠡᠬᠢ ᠤᠷ᠎ᠠ ᠮᠡᠷᠭᠡᠵᠢᠯ》᠂ ᠬᠠᠩᠵᠧᠦ᠍ ᠶ᠋ᠢᠨ ᠼᠢᠷᠺ ᠤ᠋ᠨ ᠪᠦᠯᠬᠦᠮ ᠤ᠋ᠨ ᠲᠣᠭ᠍ᠯᠠᠯᠲᠠ ᠶ᠋ᠢᠨ ᠺᠣᠮᠫᠠᠨᠢ ᠶ᠋ᠢᠨ 《ᠢᠷᠠᠭᠤ ᠰᠤᠨᠢᠷᠬᠠᠮᠵᠢ·ᠳᠠᠮᠠᠷᠤᠨ ᠬᠡᠩᠬᠡᠷᠭᠡ》᠂ ᠲᠢᠶᠠᠨᠵᠢᠨ ᠬᠣᠲᠠ ᠶ᠋ᠢᠨ ᠼᠢᠷᠺ ᠤ᠋ᠨ ᠪᠦᠯᠬᠦᠮ ᠤ᠋ᠨ 《ᠬᠥᠬᠡ ᠬᠤᠸᠠᠷᠲᠠᠶ ᠱᠠᠭᠠᠵᠠᠩ — ᠪᠤᠳᠤᠩ ᠤ᠋ᠨ ᠮᠡᠷᠭᠡᠵᠢᠯ》᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠤ᠋ᠨ 《ᠮᠤ᠌ ᠯᠠᠨ ᠤ᠋ ᠡᠭᠡᠯᠳᠡ》᠂ ᠼᠠᠩᠵᠸᠦ ᠬᠣᠲᠠ ᠶ᠋ᠢᠨ ᠶᠦᠨ ᠾᠧ ᠲᠣᠭᠣᠷᠢᠭ ᠤ᠋ᠨ ᠵᠠᠯᠠᠭᠤᠴᠤᠳ ᠤ᠋ᠨ ᠼᠢᠷᠺ ᠤ᠋ᠨ ᠪᠦᠯᠬᠦᠮ ᠤ᠋ᠨ 《ᠥ ᠺᠦᠩ》᠂ ᠳᠤᠮᠳᠠᠳᠤ ᠤᠯᠤᠰ ᠤ᠋ᠨ ᠼᠢᠷᠺ ᠤ᠋ᠨ ᠪᠦᠯᠬᠦᠮ ᠤ᠋ᠨ ᠺᠣᠮᠫᠠᠨᠢ ᠶ᠋ᠢᠨ 《ᠪᠣᠷᠣᠭᠠᠨ ᠤ᠋ ᠳᠤᠮᠳᠠᠬᠢ ᠤᠷᠠᠨ ᠰᠡᠳᠬᠢᠮᠵᠢ — ᠪᠥᠮᠪᠥᠭᠡᠨ ᠮᠡᠷᠭᠡᠵᠢᠯ》᠂ ᠨᠠᠨ ᠴᠥᠩ ᠬᠣᠲᠠ ᠶ᠋ᠢᠨ ᠼᠢᠷᠺ ᠤ᠋ᠨ ᠪᠦᠯᠬᠦᠮ ᠤ᠋ᠨ ᠶᠧᠯᠸᠢ 《ᠱᠢᠬᠦᠷ》 ᠵᠡᠷᠭᠡ 13 ᠲᠤᠭᠯᠠᠯᠳᠠ ᠵᠢᠨ ᠤᠷᠠᠯᠢᠭ ᠤ᠋ᠨ ᠲᠦᠪᠰᠢᠨ ᠲᠤᠢᠯ ᠤ᠋ᠨ ᠦᠨᠳᠦᠷ ᠪᠦᠬᠡᠳ ᠬᠠᠴᠢᠨ ᠰᠤᠨᠢᠨ ᠲᠦᠷᠦᠭᠳᠡᠯ ᠲᠠᠢ ᠪᠠᠢᠵᠦ᠂ ᠳᠤᠮᠳᠠᠳᠤ ᠶ᠋ᠢᠨ ᠰᠣᠶᠣᠯ ᠤ᠋ᠨ ᠰᠢᠯᠢᠳᠡᠭ ᠤᠯᠠᠮᠵᠢᠯᠠᠯ ᠢ᠋ ᠦᠪᠯᠡᠨ᠂ ᠴᠠᠭ ᠦᠶ᠎ᠡ ᠶ᠋ᠢᠨ ᠭᠤᠤ᠎ᠠ ᠲᠠᠭᠠᠱᠢᠶᠠᠯ ᠤ᠋ᠨ ᠥᠷᠲᠡᠭ ᠢ᠋ ᠢᠯᠡᠷᠡᠬᠦᠯᠵᠦ᠂ ᠪᠠᠶᠠᠯᠢᠭ ᠰᠠᠢᠬᠠᠨ ᠠᠮᠢᠳᠤᠷᠠᠯ ᠪᠠ ᠴᠠᠭ ᠦᠶ᠎ᠡ ᠶ᠋ᠢᠨ ᠳᠦᠷᠰᠦ ᠪᠠᠢᠳᠠᠯ ᠢ᠋ ᠳᠡᠯᠭᠡᠪᠡ᠃ 《ᠮᠠᠨ ᠤ᠋ ᠲᠣᠭ᠍ᠯᠠᠯᠲᠠ ᠨᠢ ᠵᠥᠪᠬᠡᠨ ᠤᠷ᠎ᠠ ᠮᠡᠷᠭᠡᠵᠢᠯ ᠢ᠋ᠶ᠋ᠡᠨ ᠭᠠᠢᠬᠠᠭᠤᠯᠤᠭᠰᠠᠨ ᠲᠡᠳᠦᠶ ᠪᠢᠰᠢ᠂ ᠬᠠᠷᠢᠨ ᠵᠦᠴᠦᠭᠡ ᠶ᠋ᠢᠨ ᠦᠶ᠋ᠯᠡ ᠶᠠᠪᠤᠳᠠᠯ ᠪᠠ ᠳᠦᠷᠢ ᠪᠡᠨ ᠠᠭᠤᠰᠭᠠᠵᠤ᠂ ᠱᠣᠭ ᠶᠦᠮᠦᠷᠯᠢᠭ ᠦᠶ᠋ᠯᠡᠳᠦᠯᠴᠡᠯ ᠢ᠋ᠶ᠋ᠡᠷ ᠳᠠᠮᠵᠢᠨ ᠡᠮᠦᠨᠡᠲᠦ ᠰᠥᠩ ᠤᠯᠤᠰ ᠤ᠋ᠨ ᠦᠶ᠎ᠡ ᠶ᠋ᠢᠨ ᠵᠠᠬ᠎ᠠ ᠳᠡᠯᠭᠡᠭᠦᠷ ᠤ᠋ᠨ ᠬᠥᠷ ᠬᠥᠭ᠌ᠵᠢᠶᠡᠨ ᠲᠡᠶ ᠪᠠᠢᠳᠠᠯ ᠢ᠋ ᠢᠯᠡᠷᠡᠭᠦᠯᠵᠦ᠍᠂ ᠦᠵᠡᠭ᠌ᠴᠢᠳ ᠲᠦ᠍ ᠤᠯᠠᠮᠵᠢᠯᠠᠯᠲᠤ ᠰᠣᠶᠣᠯ ᠤ᠋ᠨ ᠷᠢᠳᠢ ᠱᠢᠳᠢ ᠵᠢ ᠮᠡᠳᠡᠷᠡᠭᠦᠯᠪᠡ᠃ ᠪᠢᠳᠡ ᠪᠠᠰᠠ ᠬᠤᠪᠴᠠᠰᠤ ᠵᠠᠰᠠᠯ᠂ ᠪᠠᠭᠠᠵᠢ ᠬᠡᠷᠡᠭ᠌ᠰᠡᠯ ᠤ᠋ᠨ ᠨᠠᠷᠢᠨ ᠵᠦᠶ᠋ᠯᠡᠰ ᠤ᠋ᠨ ᠲᠠᠯ᠎ᠠ ᠪᠠᠷ ᠲᠣᠬᠢᠷᠠᠭᠤᠯᠤᠯᠲᠠ ᠬᠢᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠰᠦᠷ ᠵᠢᠪᠬᠤᠭ᠎ᠠ ᠯᠤᠭ᠎ᠠ ᠤᠷᠠᠨ ᠰᠠᠢᠬᠠᠨ ᠵᠢᠡᠷ ᠠᠭᠤᠰᠤᠯᠴᠠᠭᠤᠯᠤᠭᠰᠠᠨ ᠶᠤᠮ》 ᠭᠡᠵᠦ ᠬᠠᠩᠵᠧᠦ᠍ ᠶ᠋ᠢᠨ ᠼᠢᠷᠺ ᠤ᠋ᠨ ᠪᠦᠯᠬᠦᠮ ᠤ᠋ᠨ ᠲᠣᠭ᠍ᠯᠠᠯᠲᠠ ᠶ᠋ᠢᠨ ᠺᠣᠮᠫᠠᠨᠢ ᠶ᠋ᠢᠨ ᠳᠡᠳ᠋ ᠶᠡᠷᠦᠩᠬᠡᠶ ᠳᠠᠭᠠᠭᠠᠮᠠᠯ ᠢᠦᠶ ᠵᠢᠶᠠᠨ ᠯᠠᠨ ᠬᠡᠯᠡᠨ᠎ᠡ᠃

ᠲᠣᠰ ᠲᠤᠭᠯᠠᠯᠳᠠ ᠪᠣᠯ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠤ᠋ᠨ ᠨᠢᠭᠡ ᠪᠣᠯᠤᠨ᠎ᠠ᠃ ᠦᠵᠡᠭᠦᠯᠭᠡ ᠶ᠋ᠢᠨ ᠲᠣᠭ᠍ᠯᠠᠯᠲᠠ ᠡᠴᠡ ᠭᠠᠳᠠᠨ᠎ᠠ ᠮᠠᠨ ᠤ᠋ ᠤᠷᠤᠨ ᠤ᠋ ᠼᠢᠷᠺ ᠤ᠋ᠨ ᠪᠦᠯᠬᠦᠮ ᠤ᠋ᠨ ᠬᠢᠨ ᠪᠠᠰᠠ ᠦᠨᠳᠦᠰᠦᠨ ᠱᠠᠲᠤᠨ ᠳ᠋ᠤ ᠭᠦᠨᠵᠡᠭᠡᠢᠷᠡᠵᠤ᠂ ᠵᠣᠬᠢᠶᠠᠨ ᠪᠦᠲᠦᠭᠡᠬᠦ᠌ ᠠᠪᠢᠶᠠᠰ ᠪᠢᠯᠢᠭ ᠢ᠋ ᠡᠷᠢᠯᠬᠢᠯᠡᠨ᠂ ᠪᠣᠳᠠᠲᠤ ᠠᠵᠢᠯᠯᠠᠭ᠎ᠠ ᠪᠠᠷ ᠢ᠋ᠶ᠋ᠠᠨ 《ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌᠂ ᠰᠣᠶᠣᠯ ᠢ᠋ᠶ᠋ᠠᠷ ᠠᠷᠠᠳ ᠢ᠋ ᠪᠠᠶᠠᠰᠬᠠᠬᠤ᠂ ᠰᠣᠶᠣᠯ ᠢ᠋ᠶ᠋ᠠᠷ ᠠᠷᠠᠳ ᠲᠦ᠍ ᠦᠢᠯᠡᠴᠢᠯᠡᠬᠦ᠌》 ᠵᠣᠷᠢᠯᠲᠠ ᠵᠢ ᠦᠢᠯᠡᠳᠦᠯᠭᠡᠵᠢᠭᠦᠯᠵᠦ᠍᠂ ᠠᠷᠠᠳ ᠤᠯᠠᠨ ᠤ᠋ ᠰᠣᠶᠣᠯ ᠤ᠋ᠨ ᠠᠮᠢᠳᠤᠷᠠᠯ ᠢ᠋ ᠴᠢᠨᠠᠭ᠍ᠰᠢᠳᠠ ᠪᠠᠶᠠᠯᠢᠭ᠍ᠵᠢᠭᠤᠯᠤᠨ᠂ ᠥᠪᠥᠷ ᠮᠣᠩᠭᠣᠯ ᠤ᠋ᠨ ᠼᠢᠷᠺ (ᠶᠧᠯᠸᠢ) ᠤ᠋ᠨ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠪᠡᠷ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面