2025-07-07 16:23:00
— 2025 ᠤᠨ ᠤ᠋ ᠲᠤᠮᠳᠠᠳᠦ ᠤᠯᠤᠰ ᠤ᠋ᠨ ᠢᠵᠠᠭᠤᠷ ᠠᠷᠠᠳ ᠤ᠋ᠨ ᠳᠠᠭᠤᠤ ᠶ᠋ᠢᠨ ᠨᠠᠢᠷ᠎ᠤ᠋ᠨ ᠡᠬᠢᠯᠡᠯᠳᠡ ᠶ᠋ᠢᠨ ᠦᠳᠡᠰᠢᠯᠡᠬᠡ᠎ᠶᠢᠨ ᠳᠠᠳᠠᠯᠠᠭ᠎ᠠ
ᠵᠦᠰᠡᠷ ᠪᠤᠷᠤᠭᠠᠨ ᠰᠢᠪᠡᠷᠡᠵᠦ᠂ ᠵᠦᠯᠬᠡ ᠨᠤᠭᠤᠭᠠᠨ᠎ᠤ ᠰᠡᠩᠬᠢ ᠳᠠᠳᠠᠭᠰᠠᠨ ᠰᠠᠯᠬᠢ ᠠᠷᠠᠳ᠎ᠤᠨ ᠳᠠᠭᠤᠤ ᠵᠢᠨ ᠲᠦᠷᠢᠯᠭᠡ ᠲᠠᠢ ᠬᠠᠨᠢᠰᠠᠨ ᠠᠢᠰᠤᠢ᠃ ᠳᠠᠯᠠᠨ ᠬᠠᠷ᠎ᠠ ᠠᠭᠤᠯᠠ ᠬᠦᠰᠢᠭᠡᠯᠡᠨ ᠰᠡᠬᠦᠢᠵᠦ ᠂ ᠴᠡᠯᠡᠬᠡᠷ ᠳᠠᠯ᠎ᠠ ᠨᠠᠢᠷᠵᠢᠡᠷ ᠴᠠᠯᠬᠢᠨ᠎ᠠ᠃ 2025 ᠤᠨ ᠤ᠋ ᠲᠤᠮᠳᠠᠳᠦ ᠤᠯᠤᠰ ᠤ᠋ᠨ ᠢᠵᠠᠭᠤᠷ ᠠᠷᠠᠳ ᠤ᠋ᠨ ᠳᠠᠭᠤᠤ ᠶ᠋ᠢᠨ ᠨᠠᠢᠷ ᠤ᠋ᠨ ᠡᠬᠢᠯᠡᠯᠳᠡ ᠶ᠋ᠢᠨ ᠦᠳᠡᠰᠢᠯᠡᠬᠡ 7 ᠰᠠᠷ᠎ᠠ ᠶ᠋ᠢᠨ 3 ᠤ᠋ ᠤᠷᠤᠢ ᠬᠦᠬᠡᠬᠤᠳᠠ ᠶ᠋ᠢᠨ ᠴᠡᠯᠡᠬᠡᠷ ᠳᠠᠯ᠎ᠠ ᠳ᠋ᠦ ᠦᠪᠡᠳᠡᠭᠰᠢ ᠶᠡᠬᠡ ᠪᠡᠷ ᠡᠬᠢᠯᠡᠵᠦ᠂ ᠢᠵᠠᠭᠤᠷ ᠤᠷᠠᠯᠢᠭ᠎ᠤᠨ ᠤᠬᠢ ᠰᠢᠮ᠎ᠠ ᠤᠷᠴᠢᠯᠠᠩ᠎ᠤᠨ ᠵᠢᠮ᠎ᠠ᠎ᠵᠢ ᠦᠬᠦᠯᠡᠨ᠂ ᠠᠭᠤᠰᠤᠯᠴᠠᠵᠦ ᠬᠦᠭᠵᠢᠭᠰᠡᠨ ᠠᠥᠭᠠ ᠲᠡᠥᠬᠡ᠎ᠵᠢ ᠲᠠᠭᠤᠷᠢᠰᠤᠭᠤᠯᠤᠯᠠ᠃
ᠰᠢᠨ᠎ᠠ ᠴᠠᠭ ᠡᠷᠢᠨ᠎ᠤ ᠰᠢᠨ᠎ᠠ ᠬᠦᠭ ᠠᠶᠠᠰ᠎ᠢ ᠴᠢᠪᠬᠠᠳᠠᠵᠦ ᠠᠷᠠᠳ ᠤᠨ ᠳᠠᠭᠤᠤ ᠶ᠋ᠢ ᠬᠠᠮᠲᠤ ᠪᠠᠷ ᠳᠠᠭᠤᠯᠠᠪᠠ
ᠲᠣᠰ ᠤᠳᠠᠭᠠᠨ᠎ᠤ ᠠᠷᠠᠳ᠎ᠤᠨ ᠳᠠᠭᠤᠤ᠎ᠶ᠋ᠢᠨ ᠨᠠᠢᠷ᠎ᠨᠢ 《ᠬᠠᠮᠲᠤ᠎ᠪᠠᠷ ᠠᠷᠠᠳ᠎ᠤᠨ ᠳᠠᠭᠤᠤ ᠳᠠᠭᠤᠯᠠᠬᠤ》 ᠪᠠᠷ ᠰᠡᠳᠦᠪ ᠪᠣᠯᠭᠠᠵᠤ᠂ ᠲᠢᠺ ᠲᠤᠺ᠂ ᠪᠤᠱᠢᠭᠤ ᠭᠠᠷ᠂ ᠪᠢᠴᠢᠯ ᠪᠦᠷᠭᠡ᠂ ᠪᠢᠯᠢ ᠪᠢᠯᠢ ᠰᠦᠯᠵᠢᠶ᠎ᠠ᠂ ᠸᠢᠳᠢᠣ᠋ ᠳ᠋ᠤᠭᠠᠷ᠂ ᠲᠸᠩ ᠱᠢᠶᠦ᠋ᠨ ᠳᠠᠭᠤᠤ ᠬᠥᠭ᠌ᠵᠢᠮ᠂ ᠮᠢ ᠬᠥ᠋ ᠳᠠᠭᠤᠤ ᠬᠥᠭ᠌ᠵᠢᠮ ᠵᠡᠷᠭᠡ ᠱᠢᠨ᠎ᠡ ᠵᠠᠭᠤᠴᠢᠯᠠᠭᠤᠷ᠎ᠤᠨ ᠲᠠᠪᠴᠠᠩ᠎ᠢ ᠳᠠᠢᠴᠢᠯᠠᠨ ᠶᠠᠷᠢᠶᠠᠨ᠎ᠤ ᠰᠡᠳᠦᠪ ᠭᠠᠷᠭᠠᠵᠤ᠂ ᠲᠤᠰᠭᠠᠶ ᠪᠤᠯᠤᠩ ᠪᠠᠢᠭᠤᠯᠵᠤ᠂ ᠲᠠᠢᠰᠠᠨ ᠳᠡᠭᠡᠷᠡᠬᠢ ᠲᠣᠭ᠍ᠯᠠᠭ᠍ᠴᠢ᠂ ᠲᠠᠢᠰᠠᠨ᠎ᠤ ᠳᠤᠤᠷᠠᠬᠢ ᠦᠵᠡᠭ᠌ᠴᠢᠳ ᠪᠣᠯᠤᠨ ᠥᠷᠭᠡᠨ ᠣᠯᠠᠨ ᠰᠦᠯᠵᠢᠶᠡᠨ᠎ᠦ ᠠᠨᠳᠠ᠎ᠨᠠᠷ᠎ᠤᠨ ᠰᠦᠯᠵᠢᠶᠡᠨ ᠳᠡᠭᠡᠷ᠎ᠡ ᠰᠠᠨᠠᠯ᠎ᠢᠶᠠᠨ ᠰᠣᠯᠢᠯᠴᠠᠵᠤ ᠬᠤᠷᠰᠢᠯᠴᠠᠬᠤ᠎ᠶ᠋ᠢ ᠳᠠᠢᠴᠢᠯᠠᠨ᠂ ᠦᠳᠡᠰᠢᠯᠡᠬᠡ᠎ᠶᠢᠨ ᠲᠣᠭ᠍ᠯᠠᠯᠲᠠ᠎ᠶ᠋ᠢᠨ ᠲᠤᠬᠢᠷᠠᠭᠤᠯᠭ᠎ᠠ᠎ᠵᠢ ᠦᠨᠳᠦᠰᠦᠯᠡᠨ ᠲᠤᠰᠭᠠᠶ ᠳᠠᠭᠤᠤ᠎ᠶ᠋ᠢᠨ ᠭᠠᠷᠴᠠᠭ ᠭᠠᠷᠭᠠᠨ᠂ ᠤᠯᠠᠮᠵᠢᠯᠠᠯᠲᠤ ᠳᠠᠭᠤᠤ ᠬᠥᠭ᠌ᠵᠢᠮ᠎ᠳᠦ ᠠᠩᠬᠠᠷᠤᠯ ᠲᠠᠯᠪᠢᠵᠤ ᠪᠠᠢᠭ᠎ᠠ ᠳᠠᠭᠤ ᠬᠦᠭᠵᠢᠮ᠎ᠤᠨ ᠪᠠᠬᠠᠲᠠᠳ᠎ᠲᠦ ᠨᠠᠷᠢᠯᠢᠭ ᠣᠨᠣᠪᠴᠢᠲᠠᠶ ᠬᠦᠷᠭᠡᠵᠦ᠍᠂ ᠠᠷᠠᠳ᠎ᠤᠨ ᠳᠠᠭᠤᠤ᠎ᠶ᠋ᠢ ᠬᠠᠢᠷᠠᠯᠠᠬᠤ᠂ ᠠᠷᠠᠳ᠎ᠤᠨ ᠳᠠᠭᠤᠤ᠎ᠶ᠋ᠢ ᠰᠤᠷᠤᠯᠴᠠᠬᠤ᠂ ᠠᠷᠠᠳ᠎ᠤᠨ ᠳᠠᠭᠤᠤ ᠳᠠᠭᠤᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠠᠢ᠃ ᠦᠳᠡᠰᠢᠯᠡᠬᠡ᠎ᠶᠢᠨ ᠳᠠᠢᠰᠠ ᠨᠢ ᠦᠪᠦᠷ ᠮᠤᠨᠭᠭᠤᠯ᠎ᠤᠨ ᠰᠤᠶᠤᠯ ᠵᠠᠩ ᠦᠢᠯᠡ᠎ᠵᠢ ᠬᠠᠷᠠᠭᠤᠯ᠎ᠤᠨ᠂ ᠲᠤᠮᠤ ᠮᠤᠨᠭᠭᠤᠯ ᠭᠡᠷ ᠡᠴᠡ ᠠᠯᠤᠰ᠎ᠢ ᠵᠤᠷᠢᠨ ᠰᠤᠨᠤᠯᠵᠠᠭᠰᠠᠨ ᠵᠠᠮ ᠪᠤᠯᠤᠨ ᠬᠤᠶᠠᠷ ᠳᠠᠯ᠎ᠠ᠎ᠶᠢᠨ ᠵᠢᠵᠢᠭ ᠳᠠᠢᠰᠠᠨ᠎ᠤ ᠬᠡᠯᠪᠡᠷᠢ ᠪᠡᠷ ᠪᠠᠢᠷᠢᠯᠠᠭᠤᠯᠵᠦ᠂ ᠦᠪᠦᠷ ᠮᠤᠨᠭᠭᠤᠯᠴᠤᠳ ᠬᠦᠬᠡ ᠲᠡᠭᠷᠢ ᠪᠡᠷ ᠬᠦᠰᠢᠭᠡ ᠪᠤᠯᠭᠠᠵᠦ᠂ ᠬᠦᠷᠦᠰᠦᠳᠦ ᠳᠡᠯᠡᠬᠡᠢ ᠪᠡᠷ ᠳᠠᠢᠰᠠ ᠪᠤᠯᠭᠠᠨ᠂ ᠵᠤᠯ ᠵᠢᠷᠭᠠᠯᠳᠦ ᠠᠮᠢᠳᠤᠷᠠᠯ᠎ᠢᠶᠡᠨ ᠳᠠᠭᠤᠯᠠᠨ ᠪᠦᠵᠢᠭᠯᠡᠳᠡᠭ ᠵᠠᠩ ᠠᠷᠠᠨᠰᠢᠨ᠎ᠢ ᠬᠠᠷᠠᠭᠤᠯᠵᠦ᠂ ᠲᠤᠮᠤ ᠳᠡᠯᠭᠡᠴᠡᠨ᠎ᠳᠦ ᠦᠪᠦᠷ ᠮᠤᠨᠭᠭᠤᠯ᠎ᠤᠨ ᠠᠭᠤᠳᠠᠮ ᠳᠠᠯ᠎ᠠ᠂ ᠤᠭᠠᠯᠵᠠᠨ ᠭᠤᠤᠯ᠂ ᠠᠳᠤᠭᠤ ᠮᠠᠯ᠎ᠤᠨ ᠵᠢᠷᠤᠭ᠎ᠢ ᠢᠯᠡᠷᠡᠬᠦᠯᠵᠦ᠂ ᠳᠡᠯᠭᠡᠴᠡ ᠨᠢ ᠰᠢᠯᠭᠠᠯᠳᠠ᠎ᠶᠢᠨ ᠬᠠᠭᠤᠳᠠᠰᠤ᠎ᠶᠢᠨ ᠲᠦᠷᠰᠦ ᠭᠠᠷᠭᠠᠵᠦ᠂ ᠠᠮᠢ ᠠᠬᠤᠢ᠎ᠶᠢᠨ ᠪᠦᠳᠦᠬᠡᠨ ᠪᠠᠢᠭᠤᠯᠤᠯᠳᠠ᠎ᠶᠢᠨ ᠰᠢᠯᠢᠳᠡᠭ ᠠᠮᠵᠢᠯᠳᠠ ᠪᠦᠳᠦᠮᠵᠢ᠎ᠵᠢ ᠲᠤᠰᠬᠠᠵᠠᠢ᠃


ᠢᠵᠠᠭᠤᠷ ᠠᠷᠠᠳ᠎ᠤᠨ ᠳᠠᠭᠤᠤ ᠪᠠᠨ ᠨᠠᠮ᠎ᠳᠠᠭᠠᠨ ᠡᠷᠬᠦᠵᠦ ᠡᠨᠡᠷᠢᠯ ᠬᠠᠢᠷ᠎ᠠ᠎ᠵᠢ ᠨᠢ ᠮᠠᠭᠳᠠᠨ ᠲᠠᠭᠤᠯᠠᠪᠠ
ᠠᠷᠠᠳ᠎ᠤᠨ ᠳᠠᠭᠤᠤ ᠠᠮᠠ ᠳᠠᠮᠵᠢᠨ ᠤᠯᠠᠮᠵᠢᠯᠠᠭᠳᠠᠵᠦ᠂ ᠠᠷᠠᠳ ᠤ᠋ᠨ ᠳᠠᠭᠤᠤ ᠲᠡᠥᠬᠡ ᠬᠢᠭᠡᠳ ᠴᠠᠭ ᠢ᠋ ᠰᠤᠨᠳᠠᠯᠠᠨ᠂ ᠦᠶ᠎ᠠ ᠦᠶ᠎ᠠ ᠶ᠋ᠢᠨ ᠠᠷᠠᠳ ᠲᠦᠮᠡᠨ ᠤ᠋ ᠠᠮᠠᠨ ᠤᠯᠠᠮᠵᠢᠯᠠᠯ ᠢ᠋ᠶ᠋ᠡᠷ ᠤᠳᠬ᠎ᠠ ᠤᠷᠠᠯᠢᠭ᠂ ᠵᠠᠩ ᠦᠢᠯᠡ᠂ ᠰᠤᠶᠤᠯ ᠰᠡᠳᠬᠢᠯᠬᠡᠨ ᠢ᠋ ᠠᠴᠢᠶᠠᠯᠠᠨ ᠠᠴᠢᠶᠠᠯᠠᠭᠰᠠᠭᠠᠷ ᠦᠨᠦᠳᠦᠷᠢ ᠤᠭᠳᠤᠪᠠ᠃ ᠲᠣᠰ ᠤᠳᠠᠭᠠᠨ᠎ᠤ ᠠᠷᠠᠳ᠎ᠤᠨ ᠳᠠᠭᠤᠤ᠎ᠶ᠋ᠢᠨ ᠨᠠᠢᠷ᠎ᠤᠨ ᠡᠬᠢᠯᠡᠯᠳᠡ᠎ᠶᠢᠨ ᠲᠣᠭ᠍ᠯᠠᠯᠲᠠ᠎ᠳᠤ ᠢ ᠮᠸᠩ ᠱᠠᠨ᠎ᠤ ᠶᠠᠪᠠᠭᠠᠨ ᠳᠠᠭᠤᠤ᠂ ᠲᠠᠵᠢᠺ ᠦᠨᠳᠦᠰᠦᠲᠡᠨ᠎ᠦ ᠳᠠᠭᠤᠤ 《ᠬᠦᠯᠢᠪᠢ ᠰᠤᠪᠤᠷᠭ᠎ᠠ》 ᠵᠡᠷᠭᠡ ᠰᠣᠩᠭᠣᠳᠠᠭ ᠠᠷᠠᠳ ᠤᠨ ᠳᠠᠭᠤᠤ᠎ᠶ᠋ᠢ ᠲᠠᠭᠤᠯᠠᠨ ᠲᠣᠭ᠍ᠯᠠᠭ᠍ᠰᠠᠨ ᠪᠥᠭᠡᠳ ᠳ᠋ᠦᠩ ᠦᠨᠳᠦᠰᠦᠲᠡᠨ᠎ᠦ ᠳᠠᠭᠤᠤ 《ᠳ᠋ᠦᠩ ᠦᠨᠳᠦᠰᠦᠲᠡᠨ ᠦ ᠱᠢᠨ᠎ᠡ ᠴᠠᠭ ᠦᠶ᠎ᠡ᠎ᠶᠢᠨ ᠳᠠᠭᠤᠯᠠᠯ 》᠂ ᠮᠣᠩᠭᠣᠯ ᠦᠨᠳᠦᠰᠦᠲᠡᠨ᠎ᠦ ᠳᠠᠭᠤᠤ 《ᠬᠠᠪᠤᠷ》 ᠵᠡᠷᠭᠡ ᠱᠢᠨ᠎ᠡ ᠳᠠᠭᠤᠤ᠎ᠶ᠋ᠢ ᠳᠠᠭᠤᠯᠠᠵᠦ᠂ ᠤᠯᠠᠮᠵᠢᠯᠠᠯ ᠬᠢᠭᠡᠳ ᠰᠢᠨᠡᠴᠢᠯᠡᠯ᠎ᠤᠨ ᠤᠷᠠᠨ ᠠᠭᠤᠰᠤᠯᠴᠠᠯ᠎ᠢ ᠦᠵᠡᠬᠦᠯᠵᠡᠢ; ᠽᠦᠸᠧ ᠴᠢᠤᠸᠠᠨᠦ ᠴᠡᠴᠡᠭ ᠳᠡᠯᠭᠡᠷᠡᠬᠦ᠌ ᠠᠶᠠᠯᠭᠤ᠂ ᠱᠠᠨ ᠸᠧᠶ᠎ᠶ᠋ᠢᠨ ᠵᠢᠭᠠᠰᠤᠴᠢᠨᠤ ᠳᠠᠭᠤᠤ᠂ ᠮᠥ᠍ ᠳ᠋ᠦᠩ᠎ᠤᠨ ᠨᠤᠲᠤᠭ᠎ᠤᠨ ᠳᠠᠭᠤᠤ᠂ ᠣᠶ ᠱᠢᠭᠤᠶ᠎ᠶ᠋ᠢᠨ ᠪᠦᠷᠢᠶ᠎ᠡ ᠵᠡᠷᠭᠡ ᠤᠯᠠᠮᠵᠢᠯᠠᠯᠲᠤ ᠳᠠᠭᠤᠯᠠᠬᠤᠶ᠎ᠶ᠋ᠢᠨ ᠲᠥᠷᠥᠯ ᠵᠦᠶ᠋ᠯ ᠪᠠᠢᠬᠤ᠎ᠪᠠᠷ ᠪᠠᠷᠠᠬᠤ ᠥᠬᠡᠶ᠂ ᠪᠠᠰᠠ ᠹᠦ᠋ ᠵᠧᠸ᠋᠎ᠶᠢᠨ ᠬᠤᠤᠰ ᠦᠯᠢᠶᠡᠪᠦᠷᠢ ᠬᠥᠭ᠌ᠵᠢᠮ᠂ ᠰᠤᠯᠤᠩᠭᠤᠰ ᠶᠠᠲᠤᠭ᠎ᠠ ᠵᠡᠷᠭᠡ ᠤᠯᠠᠮᠵᠢᠯᠠᠯᠲᠤ ᠬᠥᠭ᠌ᠵᠢᠮ᠎ᠦᠨ ᠲᠥᠷᠥᠯ ᠵᠦᠶ᠋ᠯ ᠪᠠᠭᠳᠠᠵᠦ᠂ ᠢᠵᠠᠭᠤᠷ ᠠᠷᠠᠳ᠎ᠤᠨ ᠤᠷᠠᠯᠢᠭ᠎ᠤᠨ ᠤᠯᠠᠨ ᠶᠠᠩᠵᠤᠳᠦ ᠰᠢᠨᠵᠢ᠂ ᠤᠷᠲᠦ ᠤᠳᠠᠭᠠᠨ ᠲᠡᠥᠬᠡ᠎ᠶᠢᠨ ᠦᠪᠯᠡᠯ᠂ ᠰᠤᠶᠤᠯ ᠰᠡᠳᠬᠢᠯᠬᠡᠨᠤ ᠦᠪᠡᠷᠮᠢᠴᠡ ᠤᠨᠴᠠᠯᠢᠭ᠎ᠢ ᠬᠠᠷᠠᠭᠤᠯᠵᠠᠢ ᠃



ᠡᠯ᠎ᠠ ᠦᠨᠳᠤᠰᠤᠳᠠᠨ᠎ᠤ ᠠᠷᠠᠳ᠎ᠤᠨ ᠲᠠᠭᠤᠤ ᠵᠢᠨ ᠲᠤᠬᠯᠠᠯᠳᠠ
《ᠢᠷᠠᠭᠤ ᠡᠭᠡᠱᠢᠭ᠌ᠲᠦ ᠢᠵᠠᠭᠤᠷ ᠤᠷᠠᠯᠢᠭ ᠠᠷᠠᠳ ᠤ᠋ᠨ ᠳᠠᠭᠤᠤ᠎ᠳᠡᠬᠢ ᠳᠤᠮᠳᠠᠳᠤ᠎ᠶ᠋ᠢᠨ ᠰᠡᠳᠬᠢᠯᠬᠡ》 ᠪᠡᠷ ᠭᠣᠣᠯ ᠰᠡᠳᠦᠪ ᠪᠣᠯᠭᠠᠭᠰᠠᠨ ᠡᠨᠡ ᠬᠦ᠌ ᠦᠳᠡᠰᠢᠯᠡᠬᠡ᠎ᠳᠦ ᠦᠪᠦᠷ ᠮᠤᠨᠭᠭᠤᠯᠴᠤᠳ ᠤ᠋ᠨ ᠵᠤᠴᠢᠨᠰᠠᠭ ᠵᠠᠩ ᠠᠭᠠᠯᠢ ᠵᠢ ᠬᠠᠷᠠᠭᠤᠯᠤᠭᠰᠠᠨ 《ᠰᠠᠢᠨ ᠤᠤ》 ᠬᠡᠮᠡᠬᠦ ᠤᠷᠤᠰᠢᠯ ᠪᠦᠯᠦᠭ ᠲᠦ᠍ ᠠᠷᠪᠠᠨ ᠨᠠᠰᠤᠳᠠᠢ ᠦᠬᠢᠨ ᠬᠤᠷ᠎ᠠ ᠨᠠᠢᠷ᠎ᠤᠨ ᠰᠠᠯᠬᠢ᠎ᠵᠢ ᠬᠠᠭᠠᠯᠤᠨ᠂ ᠦᠪᠦᠷ ᠮᠤᠨᠭᠭᠤᠯ᠎ᠤᠨ ᠤᠷᠠᠯᠢᠭᠴᠢᠳ ᠬᠠᠮᠳᠤ ᠪᠡᠷ 《ᠨᠤᠲᠤᠭ ᠤ᠋ᠨ ᠳᠠᠭᠤᠤ ᠪᠠᠨ ᠨᠠᠮ᠎ᠳᠠᠭᠠᠨ ᠡᠷᠬᠦᠶ᠎ᠠ》᠂ 《ᠦᠵᠡᠰᠬᠦᠯᠡᠩᠳᠦ ᠰᠠᠢᠬᠠᠨ ᠮᠢᠨᠤ ᠨᠤᠲᠤᠭ》 ᠭᠡᠬᠦ᠌ ᠳᠠᠭᠤᠤ᠎ᠪᠠᠷ ᠦᠳᠡᠰᠢᠯᠡᠬᠡ ᠪᠠᠨ ᠡᠬᠢᠯᠡᠬᠦᠯᠵᠦ᠂ 《ᠴᠡᠯᠡᠭᠡᠷ ᠲᠠᠯ᠎ᠠ᠎ᠶ᠋ᠢᠨ ᠮᠠᠭᠳᠠᠭᠤ》 ᠪᠦᠯᠦᠭ ᠲᠦ᠍ ᠠᠯᠳᠠᠷᠳᠤ ᠮᠤᠷᠢᠨ ᠬᠤᠭᠤᠷᠴᠢ ᠴᠢ᠊·ᠪᠤᠯᠠᠭ᠂ ᠠᠯᠳᠠᠷᠳᠤ ᠳᠠᠭᠤᠴᠢᠨ ᠠᠯᠳᠠᠨᠴᠡᠴᠡᠭ᠂ ᠵᠠᠯᠠᠭᠤ ᠳᠠᠭᠤᠴᠢᠨ ᠤᠶᠠᠩᠭ᠎ᠠ ᠵᠡᠷᠭᠡ ᠠᠬᠠᠮᠠᠳ ᠢᠳᠡᠷ ᠵᠠᠯᠠᠭᠤ ᠬᠡᠳᠦᠨ ᠦᠶ᠎ᠠ᠎ᠶᠢᠨ ᠤᠷᠠᠯᠢᠭᠴᠢᠨ᠂ ᠢᠵᠠᠭᠤᠷ ᠤᠷᠠᠯᠢᠭ᠎ᠢ ᠦᠪᠯᠡᠨ ᠤᠯᠠᠮᠵᠢᠯᠠᠭᠴᠢᠳ ᠬᠠᠮᠳᠤ ᠪᠡᠷ ᠮᠤᠨᠭᠭᠤᠯ ᠠᠷᠠᠳ ᠤ᠋ᠨ ᠤᠷᠲᠦ ᠶ᠋ᠢᠨ ᠳᠠᠭᠤᠤ᠂ ᠮᠤᠷᠢᠨ ᠬᠤᠭᠤᠷ᠂ ᠤᠷᠳᠤᠰ ᠠᠷᠠᠳ ᠤ᠋ᠨ ᠳᠠᠭᠤᠤ᠂ ᠬᠤᠷᠴᠢᠨ ᠠᠷᠠᠳ ᠤ᠋ᠨ ᠦᠯᠢᠬᠡᠷ᠎ᠲᠦ ᠳᠠᠭᠤᠤ᠂ ᠮᠠᠩᠬᠠᠨ ᠠᠶᠠᠯᠭᠤ ᠵᠡᠷᠭᠡ ᠦᠪᠦᠷ ᠮᠤᠨᠭᠭᠤᠯ ᠤ᠋ᠨ ᠤᠨᠴᠠᠯᠢᠭᠳᠦ ᠳᠠᠭᠤᠤ ᠬᠦᠭᠵᠢᠮ ᠵᠢᠡᠨ ᠡᠷᠬᠦᠨ ᠪᠠᠷᠢᠵᠦ᠂ ᠤᠮᠠᠷᠠᠳᠦ ᠬᠢᠯᠢ ᠶ᠋ᠢᠨ ᠰᠤᠶᠤᠯ᠎ᠤᠨ ᠦᠨᠢᠷ ᠪᠠᠶᠠᠯᠢᠭ ᠢ᠋ ᠬᠠᠷᠠᠭᠤᠯᠵᠠᠢ᠃ ᠡᠬᠢᠯᠡᠯᠳᠡ ᠶ᠋ᠢᠨ ᠦᠳᠡᠰᠢᠯᠡᠬᠡ ᠶ᠋ᠢᠨ ᠠᠬᠤᠢ ᠳᠠᠯᠠᠪᠠᠢ ᠳ᠋ᠦ ᠪᠠᠰᠠ ᠪᠣᠳᠠᠰ ᠤ᠋ᠨ ᠪᠤᠰᠤ ᠰᠣᠶᠣᠯ ᠤ᠋ᠨ ᠥᠪ᠎ᠦᠨ ᠶᠡᠬᠡ ᠴᠤᠭ᠍ᠯᠠᠭᠠᠨ᠂ ᠠᠮᠲᠠᠲᠤ ᠢᠳᠡᠭᠡᠨ ᠢ᠋ ᠪᠡᠶᠡᠴᠢᠯᠡᠨ ᠣᠢᠯᠠᠭᠠᠬᠤ᠂ ᠳᠠᠭᠤᠤ ᠬᠥᠭ᠌ᠵᠢᠮ ᠰᠣᠨᠢᠷᠬᠠᠬᠤ᠂ ᠬᠦᠨᠵᠡᠬᠡᠢ ᠪᠡᠶᠡᠴᠢᠯᠡᠨ ᠤᠢᠯᠠᠭᠠᠬᠤ ᠵᠡᠷᠭᠡ ᠱᠢᠷᠢᠰ ᠠᠵᠢᠯᠯᠠᠭ᠎ᠠ ᠥᠷᠨᠢᠭᠦᠯᠵᠦ᠂ ᠤᠷᠤᠨ ᠤ᠋ ᠭᠠᠳᠠᠨᠠᠬᠢ ᠤᠷᠠᠯᠢᠭᠴᠢᠳ ᠵᠢᠭᠤᠯᠴᠢᠯᠠᠭᠰᠠᠳ ᠲᠦ᠍ ᠮᠠᠨ ᠤ᠋ ᠤᠷᠤᠨ ᠤ᠋ ᠪᠤᠳᠠᠰ ᠤ᠋ᠨ ᠪᠤᠰᠤ ᠰᠤᠶᠤᠯ ᠤ᠋ᠨ ᠦᠪ᠂ ᠤᠳᠬ᠎ᠠ ᠤᠷᠠᠯᠢᠭ᠂ ᠰᠤᠶᠤᠯ ᠲᠡᠥᠬᠡ ᠵᠡᠷᠭᠡ ᠵᠢ ᠤᠢᠯᠠᠭᠠᠭᠤᠯᠵᠠᠢ᠃ 《ᠲᠤᠰ ᠤᠳᠠᠭᠠᠨ ᠤ᠋ ᠨᠠᠢᠷ ᠤ᠋ᠨ ᠡᠬᠢᠯᠡᠯᠳᠡ ᠶ᠋ᠢᠨ ᠦᠳᠡᠰᠢᠯᠡᠬᠡ ᠶ᠋ᠢᠨ ᠨᠢᠭᠡᠳᠦᠭᠡᠷ ᠪᠦᠯᠦᠭ ᠲᠦ᠍ ᠦᠪᠦᠷ ᠮᠤᠨᠭᠭᠤᠯ ᠤ᠋ᠨ ᠳᠠᠭᠤᠤ ᠬᠦᠭᠵᠢᠮ᠂ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠷ᠎ᠠ ᠪᠦᠳᠦᠭᠡᠯ ᠢ᠋ ᠦᠵᠡᠬᠦᠯᠵᠦ᠂ ᠬᠤᠶᠠᠳᠤᠭᠠᠷ ᠪᠦᠯᠦᠭ ᠲᠦ᠍ ᠳᠠᠭᠤᠤ ᠪᠦᠵᠢᠭᠳᠦ ᠵᠦᠴᠦᠭᠡ ᠶ᠋ᠢᠨ ᠬᠡᠯᠪᠡᠷᠢ ᠪᠡᠷ ᠬᠦᠬᠡᠮᠦ᠋ᠷᠡᠨ ᠪᠤᠯᠤᠨ ᠬᠠᠳᠤᠨ ᠭᠤᠤᠯ ᠤ᠋ᠨ ᠡᠷᠬᠢ ᠳᠠᠭᠠᠤ ᠭᠠᠵᠠᠷ ᠤᠷᠤᠨ ᠤ᠋ ᠠᠷᠠᠳ ᠲᠦᠮᠡᠨ ᠤ᠋ ᠠᠮᠢᠳᠤᠷᠠᠯ ᠦᠢᠯᠡᠳᠪᠦᠷᠢᠯᠡᠯ ᠵᠢᠴᠢ ᠰᠤᠶᠤᠯ ᠰᠡᠳᠬᠢᠯᠬᠡᠨ ᠢ᠋ ᠬᠠᠷᠠᠭᠤᠯᠵᠦ᠂ ᠭᠤᠷᠪᠠᠳᠤᠭᠠᠷ ᠪᠦᠯᠦᠭ ᠲᠦ᠍ ᠡᠯ᠎ᠠ ᠦᠨᠳᠦᠰᠦᠳᠡᠨ ᠤ᠋ ᠤᠬᠢ ᠰᠤᠳᠤᠨ ᠲᠤᠭᠯᠠᠯᠳᠠ ᠵᠢ ᠲᠦᠪᠯᠡᠷᠡᠬᠦᠯᠵᠦ᠂ ᠲᠤᠮᠳᠠᠳᠦ ᠶ᠋ᠢᠨ ᠰᠢᠯᠢᠳᠡᠭ ᠤᠯᠠᠮᠵᠢᠯᠠᠯᠳᠦ ᠰᠤᠶᠤᠯ ᠤ᠋ᠨ ᠭᠠᠢᠬᠠᠮᠰᠢᠭ ᠢ᠋ ᠦᠵᠡᠬᠦᠯᠵᠡᠢ》 ᠭᠡᠵᠦ ᠦᠳᠡᠰᠢᠯᠡᠬᠡ ᠶ᠋ᠢᠨ ᠤᠳᠤᠷᠢᠳᠤᠭᠠᠴᠢ ᠶᠤᠸᠠᠨ ᡁᠢ ᠲᠤᠤ ᠬᠡᠯᠡᠪᠡ᠃
ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠵᠦ᠍ ᠠᠷᠠᠳ᠎ᠤᠨ ᠳᠠᠭᠤᠤ᠎ᠶ᠋ᠢᠨ ᠭᠤᠤ᠎ᠠ ᠰᠠᠢᠬᠠᠨ᠎ᠢ ᠬᠠᠮᠲᠤ᠎ᠪᠠᠷ ᠡᠳ᠋ᠯᠡᠪᠠ
2025 ᠤᠨ ᠤ᠋ ᠲᠤᠮᠳᠠᠳᠦ ᠤᠯᠤᠰ ᠤ᠋ᠨ ᠢᠵᠠᠭᠤᠷ ᠠᠷᠠᠳ ᠤ᠋ᠨ ᠳᠠᠭᠤᠤ ᠶ᠋ᠢᠨ ᠨᠠᠢᠷ ᠨᠢ ᠤᠯᠠᠮᠵᠢᠯᠠᠯᠲᠤ ᠳᠠᠭᠤᠤ ᠬᠥᠭ᠌ᠵᠢᠮ᠎ᠦᠨ ᠲᠦᠷᠦᠯ᠎ᠦᠨ ᠪᠣᠳᠠᠰ᠎ᠤᠨ ᠪᠤᠰᠤ ᠰᠣᠶᠣᠯ᠎ᠤᠨ ᠥᠪ ᠦᠨ ᠬᠠᠮᠠᠭᠠᠯᠠᠯᠲᠠ᠎ᠶ᠋ᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠌ ᠲᠠᠪᠴᠠᠩ ᠪᠣᠯᠤᠭᠰᠠᠨ᠎ᠢᠶᠡᠷ ᠪᠠᠷᠠᠬᠤ ᠦᠭᠡᠢ᠂ ᠨᠡᠩ ᠴᠤ᠌ ᠱᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠱᠢᠭᠤᠳ ᠬᠦᠷᠭᠡᠬᠦ᠌᠂ ᠥᠷᠭᠡᠨ ᠤᠯᠠᠨ ᠠᠷᠠᠳ ᠲᠦᠮᠡᠨ᠎ᠳᠦ ᠠᠱᠢᠭ ᠬᠦᠷᠲᠡᠭᠡᠬᠦ᠌ ᠴᠢᠬᠤᠯᠠ ᠠᠷᠭ᠎ᠠ ᠵᠠᠮ ᠪᠣᠯᠵᠠᠢ᠃ ᠲᠣᠰ ᠦᠳᠡᠰᠢᠯᠡᠬᠡ ᠨᠢ ᠲᠤᠬᠠᠶ᠎ᠶ᠋ᠢᠨ ᠭᠠᠵᠠᠷ᠎ᠤᠨ ᠬᠣᠲᠠ᠎ᠶ᠋ᠢᠨ ᠠᠷᠠᠳ ᠪᠠ ᠵᠢᠭᠤᠯᠴᠢᠯᠠᠭ᠍ᠰᠡᠳ᠎ᠲᠤ ᠬᠠᠨᠳᠤᠭᠤᠯᠤᠨ ᠤᠷᠢᠳᠴᠢᠯᠠᠨ ᠪᠣᠯᠵᠣᠬᠤ᠎ᠶ᠋ᠢᠨ ᠬᠠᠮᠲᠤ ᠰᠦᠯᠵᠢᠶ᠎ᠡ᠎ᠪᠡᠷ ᠳᠠᠮᠵᠢᠭᠤᠯᠤᠨ ᠪᠥᠬᠥ᠌ ᠤᠯᠤᠰ᠎ᠤᠨ ᠡᠯ᠎ᠡ ᠭᠠᠵᠠᠷ᠎ᠤᠨ ᠰᠦᠯᠵᠢᠶᠡᠨ ᠨᠠᠢᠵᠠ᠎ᠨᠠᠷ᠎ᠲᠤ ᠠᠷᠠᠳ᠎ᠤᠨ ᠳᠠᠭᠤᠤ᠎ᠶ᠋ᠢᠨ ᠥᠪᠡᠷᠮᠢᠴᠡ ᠷᠢᠳᠢ ᠱᠢᠳᠢ᠎ᠶ᠋ᠢ ᠦᠵᠡᠭᠦᠯᠵᠠᠢ᠃ ᠨᠠᠢᠷ ᠲᠦ᠍᠂ ᠪᠥᠬᠥ᠌ ᠤᠯᠤᠰ ᠤ᠋ᠨ 31 ᠮᠤᠵᠢ (ᠣᠷᠣᠨ᠂ ᠬᠣᠲᠠ) ᠪᠣᠯᠤᠨ ᠱᠢᠨᠵᠢᠶᠠᠩ ᠤ᠋ᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠠᠴᠠ ᠢᠷᠡᠭ᠌ᠰᠡᠨ 65 ᠲᠣᠭ᠍ᠯᠠᠯᠲᠠ᠎ᠶ᠋ᠢᠨ ᠡᠩᠨᠡᠭᠡ ᠣᠷᠣᠯᠴᠠᠵᠤ᠂ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ᠎ᠦᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ 42᠂ ᠮᠤᠵᠢ ᠤᠷᠤᠨ ᠤ᠋ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ᠎ᠦᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ 23 ᠪᠠᠢᠵᠤ᠂ ᠲᠠᠷᠢᠶᠠᠯᠠᠩ ᠦᠢᠯᠡᠳᠪᠦᠷᠢᠯᠡᠯ ᠤ᠋ᠨ ᠳᠠᠭᠤᠤ᠂ ᠨᠤᠲᠤᠭ ᠤ᠋ᠨ ᠳᠠᠭᠤᠤ᠂ ᠮᠠᠯᠵᠢᠯ᠎ᠤᠨ ᠳᠠᠭᠤᠤ᠂ ᠵᠢᠭᠠᠰᠤᠴᠢᠨ ᠤ᠋ ᠳᠠᠭᠤᠤ᠂ ᠪᠦᠷᠢᠶ᠎ᠡ᠂ ᠶᠠᠪᠠᠭᠠᠨ ᠳᠠᠭᠤᠤ᠂ ᠴᠢᠪᠬᠠᠳᠠᠰᠤᠨ ᠯᠢᠮᠪᠤ᠋᠂ ᠬᠡᠩᠭᠡᠷᠭᠡ᠂ ᠳᠡᠯᠡᠳᠦᠭᠦᠷ ᠬᠥᠭ᠌ᠵᠢᠮ ᠵᠡᠷᠭᠡ ᠤᠯᠠᠮᠵᠢᠯᠠᠯᠲᠤ ᠳᠠᠭᠤᠤ ᠬᠥᠭ᠌ᠵᠢᠮ᠎ᠦᠨ ᠲᠥᠷᠥᠯ ᠵᠦᠶ᠋ᠯ ᠢ᠋ ᠬᠠᠮᠤᠷᠴᠠᠶ᠃ ᠪᠦᠬᠦᠢᠯᠡ ᠲᠣᠭ᠍ᠯᠠᠯᠲᠠ᠎ᠳᠤ 400 ᠱᠢᠬᠠᠮ ᠲᠤᠭᠯᠠᠭᠴᠢ ᠤᠷᠤᠯᠴᠠᠵᠦ᠂ ᠬᠠᠮᠤᠭ ᠠᠬᠠᠮᠠᠳ ᠨᠢ 85 ᠨᠠᠰᠤᠲᠠᠢ᠂ ᠬᠠᠮᠤᠭ ᠪᠠᠭ᠎ᠠ ᠨᠢ 9 ᠨᠠᠰᠤᠲᠠᠢ ᠲᠤᠭᠯᠠᠭᠴᠢ ᠪᠠᠢᠵᠦ᠂ ᠠᠷᠠᠳ ᠤ᠋ᠨ ᠳᠠᠭᠤᠤ ᠶ᠋ᠢᠨ ᠦᠪ ᠤᠯᠠᠮᠵᠢᠯᠠᠯ ᠬᠢᠭᠡᠳ ᠰᠢᠨ᠎ᠠ ᠴᠠᠭ ᠡᠷᠢᠨ᠎ᠳᠡᠬᠢ ᠬᠦᠭᠵᠢᠯ ᠳᠠᠪᠰᠢᠯ ᠢ᠋ ᠬᠠᠷᠠᠭᠤᠯᠵᠠᠢ᠃

ᠪᠦᠬᠦ ᠲᠤᠬᠯᠠᠬᠴᠢᠳ 《ᠳᠤᠮᠳᠠᠳᠤ ᠪᠡᠨ ᠬᠠᠢᠷᠠᠯᠠᠨ᠎ᠠ》 ᠭᠡᠬᠦ᠌ ᠳᠠᠭᠤᠤ᠎ᠶ᠋ᠢ ᠬᠠᠮᠲᠤ᠎ᠪᠠᠷ ᠳᠠᠭᠤᠯᠠᠵᠤ ᠦᠳᠡᠰᠢᠯᠡᠭᠡ ᠪᠡᠨ ᠵᠢᠷᠭᠠᠭᠠᠪᠠ
ᠤᠯᠠᠭᠠᠨᠮᠥ᠋ᠴᠢᠷ᠎ᠦᠨ《ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠣᠯᠠᠨ ᠲᠦᠮᠡᠨ᠎ᠳᠦ ᠦᠶ᠋ᠯᠡᠴᠢᠯᠡᠬᠦ᠌》 ᠲᠤᠷᠱᠢᠯᠭ᠎ᠠ᠎ᠪᠠᠷ ᠲᠣᠯᠢ ᠪᠣᠯᠭᠠᠵᠤ᠂ ᠲᠤᠭᠯᠠᠯᠳᠠ᠎ᠶᠢᠨ ᠡᠩᠨᠡᠭᠡ᠎ᠶ᠋ᠢ ᠵᠣᠬᠢᠶᠠᠨ ᠪᠠᠢᠭᠤᠯᠤᠨ ᠲᠤᠬᠠᠶ᠎ᠶ᠋ᠢᠨ ᠭᠠᠵᠠᠷ᠎ᠤᠨ ᠤᠯᠠᠭᠠᠨᠮᠥ᠋ᠴᠢᠷ᠎ᠲᠡᠶ ᠬᠠᠮᠳᠤᠷᠠᠨ᠂ ᠬᠥᠬᠡᠬᠣᠲᠠ᠂ ᠤᠯᠠᠭᠠᠨᠴᠠᠪ ᠬᠣᠲᠠ᠂ ᠣᠷᠳᠣᠰ ᠬᠣᠲᠠ᠎ᠳᠤ ᠭᠦᠨᠵᠡᠭᠡᠢᠷᠡᠵᠦ᠍᠂ ᠠᠭᠤᠳᠠᠮ ᠲᠠᠯᠠᠪᠠᠶ᠂ ᠰᠤᠷᠭᠠᠭᠤᠯᠢ᠎ᠶ᠋ᠢᠨ ᠬᠦᠷᠢᠶ᠎ᠡ᠂ ᠮᠠᠯᠵᠢᠬᠤ ᠣᠷᠣᠨ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠵᠡᠭᠡᠯᠢ ᠲᠣᠭᠣᠷᠢᠭ ᠵᠡᠷᠭᠡ᠎ᠳᠦ 6 ᠲᠠᠯᠠᠪᠠᠶ ᠲᠥᠪᠯᠡᠷᠡᠭᠦᠯᠦᠨ ᠲᠣᠭ᠍ᠯᠠᠯᠲᠠ ᠭᠠᠷᠭᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ᠎ᠲᠤ ᠠᠱᠢᠭ ᠬᠦᠷᠲᠡᠭᠡᠬᠦ᠌ 8 ᠲᠠᠯᠠᠪᠠᠶ ᠲᠣᠭ᠍ᠯᠠᠯᠲᠠ ᠭᠠᠷᠭᠠᠵᠦ᠂ ᠨᠠᠩ ᠣᠯᠠᠨ ᠬᠥᠮᠦᠰ᠎ᠲᠦ ᠠᠷᠠᠳ᠎ᠤᠨ ᠳᠠᠭᠤᠤ᠎ᠶ᠋ᠢᠨ ᠷᠢᠳᠢ ᠰᠢᠳᠢ ᠵᠢ ᠬᠦᠷᠲᠡᠭᠡᠬᠦ᠌ ᠪᠣᠯᠤᠨ᠎ᠠ᠃ ᠡᠭᠦᠨ᠎ᠳᠦ᠂ ᠬᠥᠬᠡᠬᠣᠲᠠ᠎ᠶ᠋ᠢᠨ ᠶᠡᠬᠡ ᠵᠣᠣ ᠠᠭᠤᠳᠠᠮ ᠲᠠᠯᠠᠪᠠᠶ ᠪᠠ ᠥᠪᠥᠷ ᠮᠣᠩᠭᠣᠯ᠎ᠤᠨ ᠮᠦᠽᠧᠶ᠂ ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠤᠭᠤᠷᠢᠭ ᠪᠠ ᠪᠦᠷᠢᠶ᠎ᠡ ᠮᠠᠩᠬ᠎ᠠ᠎ᠶ᠋ᠢᠨ ᠦᠵᠡᠮᠵᠢ᠎ᠶ᠋ᠢᠨ ᠣᠷᠣᠨ᠂ ᠤᠯᠠᠭᠠᠨᠴᠠᠪ ᠬᠣᠲᠠ᠎ᠳᠦ 6 ᠲᠠᠯᠠᠪᠠᠶ ᠦᠵᠡᠭᠦᠯᠭᠡ᠎ᠶ᠋ᠢᠨ ᠲᠣᠭ᠍ᠯᠠᠯᠲᠠ ᠭᠠᠷᠭᠠᠵᠦ᠂ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ ᠲᠤ ᠠᠱᠢᠭ ᠬᠦᠷᠲᠡᠭᠡᠬᠦ᠌ ᠲᠣᠭ᠍ᠯᠠᠯᠲᠠ᠎ᠨᠢ ᠬᠥᠬᠡᠬᠣᠲᠠ᠎ᠶ᠋ᠢᠨ ᠬᠠᠷᠢᠶ᠎ᠠ ᠬᠣᠱᠢᠭᠤ ᠱᠢᠶᠠᠨ ᠲᠣᠭᠣᠷᠢᠭ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠰᠣᠶᠣᠯ ᠦᠵᠡᠰᠭᠦᠯᠡᠩ᠎ᠦᠨ ᠣᠷᠳᠣᠨ᠂ ᠵᠢᠭᠤᠯᠴᠢᠯᠠᠯ᠎ᠤᠨ ᠵᠡᠭᠡᠯᠢ ᠲᠣᠭᠣᠷᠢᠭ ᠵᠡᠷᠭᠡ ᠭᠠᠵᠠᠷ᠎ᠲᠤ ᠭᠦᠨᠵᠡᠭᠡᠢᠷᠡᠨ᠌ ᠲᠣᠭ᠍ᠯᠠᠯᠲᠠ ᠭᠠᠷᠭᠠᠵᠤ᠂ ᠬᠣᠲᠠ᠎ᠶ᠋ᠢᠨ ᠠᠷᠠᠳ ᠪᠣᠯᠤᠨ ᠵᠢᠭᠤᠯᠴᠢᠯᠠᠭᠰᠠᠳ ᠤᠨ ᠣᠶᠤᠨ ᠤ ᠰᠣᠶᠣᠯ ᠤᠨ ᠠᠮᠢᠳᠤᠷᠠᠯ᠎ᠢ ᠪᠠᠶᠠᠯᠢᠭ᠍ᠵᠢᠭᠤᠯᠬᠤ ᠪᠣᠯᠤᠨ᠎ᠠ᠃
ᠰᠣᠶᠣᠯ᠎ᠢᠶᠠᠷ ᠵᠢᠭᠤᠯᠴᠢᠯᠠᠯ ᠢ ᠱᠤᠭᠤᠵᠤ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠪᠠ
ᠢᠵᠠᠭᠤᠷ ᠠᠷᠠᠳ᠎ᠤᠨ ᠳᠠᠭᠤᠤ᠎ᠶ᠋ᠢᠨ ᠨᠠᠢᠷ᠎ᠤᠨ ᠬᠤᠭᠤᠴᠠᠭᠠᠨ᠎ᠳᠤ᠂ ᠲᠣᠷᠭᠠᠨ ᠵᠠᠮ᠎ᠤᠨ ᠴᠤᠭ᠍ᠯᠠᠭ᠎ᠠ ᠮᠠᠢᠮᠠᠶ᠂ 《ᠠᠷᠠᠳ᠎ᠤᠨ ᠪᠠᠶᠠᠰᠤᠯᠲᠤ ᠳᠤᠮᠳᠠᠳᠤ ᠤᠯᠤᠰ》 AI ᠦᠶ᠋ᠯᠡᠳᠦᠯᠴᠡᠯ᠎ᠤᠨ ᠠᠵᠢᠯᠯᠠᠭ᠎ᠠ᠎ᠵᠢ ᠡᠷᠭᠢᠯᠡᠵᠦ᠍᠂ ᠮᠣᠩᠭᠣᠯ ᠬᠡᠷ ᠂ ᠡᠯ᠎ᠡ ᠲᠥᠷᠥᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ᠌᠂ ᠥᠪᠥᠷ ᠮᠣᠩᠭᠣᠯ᠎ᠤᠨ ᠠᠷᠠᠳ᠎ᠤᠨ ᠵᠠᠩ ᠦᠶ᠋ᠯᠡ᠎ᠶ᠋ᠢ ᠤᠢᠯᠠᠭᠠᠬᠤ᠂ ᠬᠤᠪᠴᠠᠰᠤ ᠵᠠᠰᠠᠯ ᠰᠣᠯᠢᠵᠤ ᠡᠮᠦᠰᠭᠦ᠎ᠪᠡᠷ ᠳᠠᠮᠵᠢᠭᠤᠯᠤᠨ᠂ ᠥᠷᠭᠡᠨ ᠣᠯᠠᠨ ᠵᠢᠭᠤᠯᠴᠢᠯᠠᠠᠠᠰᠠᠳᠲᠤ ᠲᠠᠯ᠎ᠠ ᠨᠤᠲᠤᠭ᠎ᠤᠨ ᠵᠠᠩ ᠦᠶ᠋ᠯᠡ ᠪᠠ ᠲᠡᠦᠬᠡ ᠰᠣᠶᠣᠯ᠎ᠢ ᠪᠡᠶᠡᠴᠢᠯᠡᠨ ᠣᠢᠯᠠᠭᠠᠭᠤᠯᠵᠠᠢ᠃ ᠪᠠᠰᠠ᠂ ᠴᠡᠯᠡᠭᠡᠷ ᠲᠠᠯ᠎ᠠ ᠨᠤᠲᠤᠭ᠎ᠲᠤ ᠨᠠᠢᠷᠠᠯ ᠬᠥᠭ᠌ᠵᠢᠮ᠎ᠦᠨ ᠦᠳᠡᠰᠢᠯᠡᠬᠡ ᠵᠣᠬᠢᠶᠠᠨ ᠪᠠᠢᠭᠤᠯᠵᠤ᠂ ᠲᠠᠯ᠎ᠠ ᠨᠤᠲᠤᠭ᠎ᠤᠨ ᠰᠦᠷᠯᠢᠭ ᠰᠠᠢᠬᠠᠨ ᠥᠩᠭᠡ ᠦᠵᠡᠮᠵᠢ ᠪᠣᠯᠤᠨ ᠷᠤᠮᠠᠨᠲ᠋ᠢᠭ ᠬᠥᠭ᠌ᠵᠢᠮ᠎ᠦᠨ ᠲᠤᠭᠯᠠᠯᠳᠠ ᠪᠡᠷ ᠵᠢᠭᠤᠯᠴᠢᠯᠠᠭᠰᠠᠳ᠎ᠲᠦ ᠰᠢᠯᠢᠳᠡᠭ ᠵᠢᠭᠤᠯᠴᠢᠯᠠᠯ᠎ᠤᠨ ᠡᠬᠢ ᠪᠠᠶᠠᠯᠢᠭ᠎ᠢ ᠡᠳ᠋ᠯᠡᠬᠦᠯᠵᠦ᠂ ᠳᠡᠯᠡᠬᠡᠢ᠎ᠶ᠋ᠢᠨ ᠨᠠᠢᠷᠠᠯ ᠬᠥᠭ᠌ᠵᠢᠮ ᠪᠣᠯᠤᠨ ᠲᠠᠯ᠎ᠠ ᠨᠤᠲᠤᠭ᠎ᠤᠨ ᠰᠣᠩᠭᠣᠳᠠᠭ ᠳᠠᠭᠤᠤ᠎ᠶ᠋ᠢᠨ ᠳᠤᠮᠳᠠ ᠲᠠᠯ᠎ᠠ ᠨᠤᠲᠤᠭ᠎ᠤᠨ ᠥᠪᠡᠷᠮᠢᠴᠡ ᠬᠡᠪ ᠨᠠᠮᠪᠠ ᠪᠣᠯᠤᠨ ᠥᠪᠡᠷᠮᠢᠴᠡ ᠰᠣᠶᠣᠯ᠎ᠢ ᠭᠦᠢᠴᠡᠳ ᠬᠠᠷᠠᠭᠤᠯᠪᠠ᠃ ᠬᠥᠬᠡᠬᠣᠲᠠ ᠲᠣᠰ ᠤᠳᠠᠭ᠎ᠠ᠎ᠶ᠋ᠢᠨ ᠠᠵᠢᠯᠯᠠᠭ᠎ᠠ ᠪᠡᠷ ᠲᠣᠬᠢᠶᠠᠯ ᠪᠣᠯᠭᠠᠵᠤ᠂ ᠥᠪᠥᠷ ᠮᠣᠩᠭᠣᠯ᠎ᠤᠨ ᠠᠷᠠᠳ᠎ᠤᠨ ᠳᠠᠭᠤᠤ᠎ᠶ᠋ᠢᠨ ᠴᠣᠭ ᠵᠢᠪᠬᠤᠭ᠎ᠠ᠎ᠶ᠋ᠢ ᠭᠦᠶ᠋ᠴᠡᠳ ᠢᠯᠡᠷᠡᠭᠦᠯᠵᠦ᠍᠂ ᠥᠷᠭᠡᠨ ᠣᠯᠠᠨ ᠦᠵᠡᠭ᠌ᠴᠢᠳ᠂ ᠵᠢᠭᠤᠯᠴᠢᠯᠠᠭᠰᠠᠳ᠎ᠲᠤ ᠳᠠᠭᠤᠤ ᠬᠥᠭ᠌ᠵᠢᠮ᠎ᠢᠶᠡᠷ ᠳᠠᠮᠵᠢᠭᠤᠯᠤᠨ ᠤᠮᠠᠷᠠᠲᠤ ᠬᠢᠯᠢ᠎ᠶ᠋ᠢᠨ ᠷᠢᠳᠢ ᠱᠢᠳᠢ᠎ᠶ᠋ᠢ ᠮᠡᠳᠡᠷᠡᠬᠦᠯᠪᠡ᠃ 2025 ᠣᠨ᠎ᠤ ᠳᠤᠮᠳᠠᠳᠤ ᠤᠯᠤᠰ᠎ᠤᠨ ᠢᠵᠠᠭᠤᠷ ᠠᠷᠠᠳ᠎ᠤᠨ ᠳᠠᠭᠤᠤ᠎ᠶ᠋ᠢᠨ ᠨᠠᠢᠷ᠎ᠨᠢ ᠳᠠᠭᠤᠤ ᠬᠥᠭ᠌ᠵᠢᠮ᠎ᠦᠨ ᠦᠪᠡᠳᠡᠭ᠌ᠰᠢ ᠴᠤᠭ᠍ᠯᠠᠭᠠᠨ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠨᠢᠭᠡ ᠤᠳᠠᠭᠠᠨ᠎ᠤ ᠰᠣᠶᠣᠯ᠎ᠤᠨ ᠠᠭᠤᠰᠤᠯᠴᠠᠯ ᠪᠠ ᠨᠦᠬᠦᠷᠰᠡᠭ ᠶᠠᠪᠤᠯᠴᠠᠭ᠎ᠠ ᠰᠤᠯᠢᠯᠴᠠᠭ᠎ᠠ᠎ᠶᠢᠨ ᠳᠠᠪᠴᠠᠩ ᠪᠤᠯᠤᠨ᠎ᠠ᠃ ᠬᠦᠬᠡᠬᠤᠳᠠ ᠴᠡᠯᠡᠭᠡᠷ ᠲᠠᠯ᠎ᠠ᠎ᠶᠢᠨ ᠰᠦᠷᠯᠢᠭ ᠰᠠᠢᠬᠠᠨ᠂ ᠰᠦᠢᠶᠤᠧᠠᠨ ᠬᠤᠲᠠ᠎ᠶᠢᠨ ᠲᠡᠦᠬᠡ ᠰᠤᠶᠤᠯ ᠤᠯᠠᠮᠵᠢᠯᠠᠯ᠂ ᠤᠲᠤᠬᠢᠴᠢᠯᠠᠭᠰᠠᠨ ᠰᠣᠶᠣᠯ᠎ᠤᠨ ᠲᠠᠯᠠᠪᠠᠢ ᠣᠷᠳᠣᠨ᠎ᠤ ᠠᠮᠢᠵᠢᠷᠠᠯ᠎ᠤᠨ ᠬᠦᠴᠦᠨ ᠵᠢᠴᠢ《ᠤᠮᠠᠷᠠᠲᠤ ᠬᠢᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠶᠡᠬᠡ ᠴᠤᠭ᠍ᠯᠠᠭᠠᠨ》 ᠤ᠋ ᠭᠣᠢᠳᠠ ᠰᠠᠢᠬᠠᠨ ᠢᠯᠡᠷᠡᠯ᠎ᠳᠦ ᠲᠦᠱᠢᠭ᠌ᠯᠡᠨ᠂ ᠪᠦᠬᠦ᠌ ᠲᠠᠯ᠎ᠠ᠎ᠪᠡᠷ ᠪᠣᠰᠣᠭ᠎ᠠ ᠴᠣᠭ᠍ᠴᠠ᠎ᠪᠠᠷ ᠬᠥᠬᠡᠬᠣᠲᠠ᠎ᠶᠢᠨ ᠥᠪᠡᠷᠮᠢᠴᠡ ᠷᠢᠳᠢ ᠱᠢᠳᠢ᠎ᠶ᠋ᠢ ᠳᠡᠯᠭᠡᠨ ᠦᠵᠡᠭᠦᠯᠪᠠ᠃

ᠠᠯᠳᠠᠷᠳᠤ ᠮᠤᠷᠢᠨ ᠬᠤᠭᠤᠷᠴᠢ ᠴᠢ᠊ · ᠪᠤᠯᠠᠭ ᠪᠤᠯᠤᠨ ᠠᠯᠳᠠᠷᠳᠤ ᠤᠷᠳᠤ ᠵᠢᠨ ᠲᠠᠭᠤᠴᠢᠨ ᠠᠯᠳᠠᠨᠴᠡᠴᠡᠭ᠎ᠤᠨ ᠬᠠᠮᠳᠤ ᠵᠢᠨ ᠲᠤᠬᠯᠠᠯᠳᠠ
ᠰᠣᠶᠣᠯ ᠢᠶᠠᠷ ᠬᠥᠮᠦᠨ ᠢ ᠬᠦᠮᠦᠵᠢᠬᠦᠯᠵᠦ ᠪᠦᠯᠬᠦᠮᠳᠡᠯ ᠦᠨ ᠳᠠᠭᠤᠤ᠎ᠶ᠋ᠢ ᠬᠠᠩᠭᠢᠨᠠᠭᠤᠯᠪᠠ
ᠲᠤᠰ ᠤᠳᠠᠭᠠᠨ ᠤ ᠠᠷᠠᠳ᠎ᠤᠨ ᠳᠠᠭᠤᠤ᠎ᠶ᠋ᠢᠨ ᠨᠠᠢᠷ ᠨᠢ ᠳᠠᠭᠤᠤ ᠬᠥᠭ᠌ᠵᠢᠮ᠎ᠢᠶᠡᠷ ᠬᠣᠯᠪᠣᠭᠠᠰᠤ ᠪᠣᠯᠭᠠᠵᠤ᠂ ᠳᠠᠭᠤᠤ ᠬᠥᠭ᠌ᠵᠢᠮ᠎ᠢᠶᠡᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠨ ᠠᠭᠤᠳᠠᠮ ᠲᠠᠪᠴᠠᠩ᠎ᠢ ᠪᠠᠢᠭᠤᠯᠵᠤ᠂ ᠮᠣᠩᠭᠣᠯ ᠦᠨᠳᠦᠰᠦᠲᠡᠨ᠎ᠦ ᠬᠥᠭᠡᠮᠡᠢ᠂ ᠤᠢᠭᠤᠷ ᠦᠨᠳᠦᠰᠦᠲᠡᠨ᠎ᠦ ᠮᠦᠺᠠᠮ᠂ ᠳ᠋ᠦᠩ ᠦᠨᠳᠦᠰᠦᠲᠡᠨ᠎ᠦ ᠳᠠᠭᠤᠤ ᠵᠡᠷᠭᠡ ᠲᠦᠷᠦᠯ ᠵᠦᠢᠯ᠎ᠢ ᠵᠡᠷᠭᠡ᠎ᠪᠡᠷ ᠲᠣᠭ᠍ᠯᠠᠭᠤᠯᠵᠤ᠂ ᠠᠳᠠᠯᠢ ᠪᠤᠰᠤ ᠬᠦᠭ ᠠᠶᠠᠰ᠂ ᠠᠢᠵᠠᠮ ᠠᠶᠠᠯᠭᠤ᠂ ᠳᠠᠭᠤᠤ᠎ᠶ᠋ᠢᠨ ᠦᠭᠡ ᠨᠢ ᠨᠡᠢᠯᠡᠨ ᠴᠤᠤᠷᠢᠶᠠᠲᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ 《ᠤᠯᠠᠨ ᠡᠱᠢᠲᠦ ᠨᠢᠭᠡ ᠴᠣᠭ᠍ᠴᠠ》 ᠵᠢᠨ ᠭᠣᠢᠳᠠ ᠰᠠᠢᠬᠠᠨ ᠦᠵᠡᠮᠵᠢ᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠪᠡ᠃ ᠦᠳᠡᠰᠢᠯᠡᠬᠡ᠎ᠶᠢᠨ 《ᠬᠦᠳᠡᠭᠡ ᠳᠠᠯ᠎ᠠ ᠶ᠋ᠢᠨ ᠳᠠᠭᠤᠯᠠᠯ》 ᠪᠦᠯᠦᠭ ᠲᠦ᠍᠂ ᠠᠷᠠᠳ ᠤ᠋ᠨ ᠳᠠᠭᠤᠤ ᠶ᠋ᠢᠨ ᠠᠬᠤᠢ ᠦᠵᠡᠭᠳᠡᠯᠳᠦ ᠵᠦᠴᠦᠭᠡ《ᠲᠦᠭ ᠲᠦᠮᠡᠨ ᠤ᠋ ᠬᠦᠰᠡᠯ ᠵᠡᠬᠦᠳᠦ》᠂ ᠠᠷᠠᠳ ᠤ᠋ᠨ ᠳᠠᠭᠤᠤ ᠵᠢᠨ ᠴᠦᠷᠭᠡᠯᠡᠭᠡ ᠳ᠋ᠦ ᠱᠠᠨᠰᠢ ᠮᠤᠵᠢ ᠶ᠋ᠢᠨ ᠵᠧᠨ ᠪᠠ ᠠᠷᠠᠳ ᠤ᠋ᠨ ᠳᠠᠭᠤᠤ᠂ ᠭᠠᠨᠰᠤ ᠮᠤᠵᠢ ᠶ᠋ᠢᠨ ᠬᠠᠰᠠᠭ ᠦᠨᠳᠦᠰᠦᠳᠡᠨ ᠤ᠋ ᠠᠷᠠᠳ ᠤ᠋ᠨ ᠳᠠᠭᠤᠤ᠂ ᠵᠢᠶᠠᠩᠰᠤ ᠮᠤᠵᠢ ᠶ᠋ᠢᠨ ᠭᠤᠤ ᠶᠢᠦ ᠠᠷᠠᠳ ᠤ᠋ᠨ ᠳᠠᠭᠤᠤ ᠵᠡᠷᠭᠡ ᠵᠢ ᠪᠠᠭᠳᠠᠭᠠᠵᠦ᠂ ᠬᠦᠳᠡᠯᠮᠦᠷᠢᠴᠢᠨ ᠠᠷᠠᠳ ᠲᠦᠮᠡᠨ ᠤ᠋ ᠤᠷᠳᠤ ᠤᠳᠠᠭᠠᠨ ᠴᠠᠭ ᠬᠤᠭᠤᠴᠠᠭᠠᠨ ᠤ᠋ ᠠᠮᠢᠳᠤᠷᠠᠯ ᠦᠢᠯᠡᠳᠪᠦᠷᠢᠯᠡᠯ ᠲᠤᠮᠳᠠ ᠪᠠᠨ ᠵᠤᠬᠢᠶᠠᠭᠰᠠᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠷ᠎ᠠ ᠪᠦᠳᠦᠭᠡᠯ ᠢ᠋ ᠬᠠᠷᠠᠭᠤᠯᠵᠦ᠂ 《ᠠᠭᠤᠯᠠ ᠤᠰᠤᠨ ᠤ᠋ ᠠᠶᠠᠯᠭᠤᠨ》 ᠪᠦᠯᠦᠭ ᠲᠦ᠍᠂ 《ᠬᠠᠮᠳᠤ ᠶ᠋ᠢᠨ ᠤᠷᠤᠰᠢᠯ》᠂ 《ᠠᠭᠤᠯᠠ ᠤᠰᠤ ᠪᠡᠷ ᠢ᠋ᠶ᠋ᠡᠨ ᠵᠠᠯᠭᠠᠯᠳᠤᠵᠦ ᠤᠷᠠᠯᠢᠭ ᠰᠤᠶᠤᠯ ᠢ᠋ᠶ᠋ᠡᠷ ᠢ᠋ᠶ᠋ᠡᠨ ᠨᠠᠢᠵᠠᠯᠠᠶ᠎ᠠ》 ᠵᠡᠷᠭᠡ ᠲᠤᠭᠯᠠᠯᠳᠠ ᠳ᠋ᠦ᠂ ᠳ᠋ᠦᠩ ᠦᠨᠳᠦᠰᠦᠳᠡᠨ ᠤ᠋ ᠠᠷᠠᠳ ᠤ᠋ᠨ ᠳᠠᠭᠤᠤ᠂ ᠤᠯᠠᠨ ᠦᠨᠳᠦᠰᠦᠳᠡᠨ ᠤ᠋ ᠠᠷᠠᠳ ᠤ᠋ᠨ ᠳᠠᠭᠤᠤ ᠶ᠋ᠢᠨ ᠴᠦᠷᠭᠡᠯᠡᠬᠡ᠂ ᠨᠣ᠌ ᠦᠨᠳᠦᠰᠦᠳᠡᠨ ᠤ᠋ ᠠᠷᠠᠳ ᠤ᠋ᠨ ᠳᠠᠭᠤᠤ᠂ ᠬᠠᠳᠤᠨ ᠭᠤᠤᠯ ᠤ᠋ᠨ ᠤᠩᠭᠤᠴᠠᠴᠢᠨ ᠤ᠋ ᠪᠦᠷᠢᠶ᠎ᠠ᠂ ᠱᠠᠨᠪᠧᠢ ᠠᠷᠠᠳ ᠤ᠋ᠨ ᠳᠠᠭᠤᠤ ᠵᠡᠷᠭᠡ ᠳᠠᠭᠤᠤ ᠬᠦᠭᠵᠢᠮ ᠢ᠋ ᠲᠤᠬᠢᠷᠠᠭᠤᠯᠵᠦ᠂ ᠲᠤᠮᠳᠠᠳᠦ ᠤᠯᠤᠰ ᠤ᠋ᠨ ᠨᠢᠭᠡᠳᠦᠭᠰᠡᠨ ᠤᠯᠠᠨ ᠦᠨᠳᠦᠰᠦᠳᠡᠨ ᠰᠤᠯᠢᠯᠴᠠᠵᠦ᠂ ᠠᠭᠤᠰᠤᠯᠴᠠᠵᠦ᠂ ᠨᠢᠭᠡᠳᠦᠭᠰᠡᠨ ᠲᠡᠥᠬᠡ ᠵᠢ ᠦᠬᠦᠯᠡᠵᠦ᠂ ᠤᠯᠠᠨ ᠦᠨᠳᠦᠰᠦᠳᠡᠨ ᠤ᠋ ᠠᠷᠠᠳ ᠲᠦᠮᠡᠨ ᠨᠤᠲᠤᠭ ᠤᠰᠤ᠂ ᠤᠯᠤᠰ ᠤᠷᠤᠨ ᠢ᠋ᠶ᠋ᠡᠨ ᠬᠠᠢᠷᠠᠯᠠᠬᠤ᠂ ᠳᠠᠭᠤᠤ ᠤᠷᠠᠯᠢᠭ ᠢ᠋ᠶ᠋ᠡᠷ ᠰᠡᠳᠬᠢᠯᠬᠡ᠎ᠪᠠᠨ ᠢᠯᠡᠳᠬᠡᠬᠦ ᠵᠠᠩ ᠠᠷᠠᠨᠰᠢᠨ ᠢ᠋ ᠦᠵᠡᠬᠦᠯᠵᠡᠢ᠃
ᠤᠯᠠᠮᠵᠢᠯᠠᠯᠲᠤ ᠳᠠᠭᠤᠤ ᠬᠥᠭ᠌ᠵᠢᠮ ᠥᠷᠨᠢᠨ ᠬᠥᠭ᠌ᠵᠢᠵᠦ᠍ ᠥᠷᠭᠡᠨ᠎ᠢᠶᠡᠷ ᠤᠯᠠᠮᠵᠢᠯᠠᠭ᠍ᠳᠠᠪᠠ
ᠲᠣᠰ ᠤᠳᠠᠭᠠᠨ᠎ᠤ ᠲᠣᠭ᠍ᠯᠠᠯᠲᠠ᠎ᠨᠢ ᠪᠥᠬᠥ᠌ ᠤᠯᠤᠰ᠎ᠤᠨ 31 ᠮᠤᠵᠢ (ᠣᠷᠣᠨ᠂ ᠬᠣᠲᠠ) ᠪᠣᠯᠤᠨ ᠱᠢᠨᠵᠢᠶᠠᠩ᠎ᠤᠨ ᠦᠶ᠋ᠯᠡᠳᠪᠦᠷᠢᠯᠡᠯ᠎ᠤᠨ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠢ ᠬᠠᠮᠤᠷᠴᠤ᠌᠂ ᠤᠯᠠᠮᠵᠢᠯᠠᠯᠲᠤ ᠳᠠᠭᠤᠤ ᠬᠥᠭ᠌ᠵᠢᠮ᠎ᠦᠨ ᠲᠥᠷᠥᠯ᠎ᠦᠨ ᠪᠣᠳᠠᠰ᠎ᠤᠨ ᠪᠤᠰᠤ ᠰᠣᠶᠣᠯ᠎ᠤᠨ ᠥᠪ ᠢ ᠬᠠᠮᠠᠭᠠᠯᠠᠵᠤ ᠤᠯᠠᠮᠵᠢᠯᠠᠵᠤ ᠪᠠᠢᠭ᠎ᠠ ᠪᠠᠢᠳᠠᠯ᠎ᠢ ᠪᠥᠬᠥ᠌ ᠲᠠᠯ᠎ᠠ᠎ᠪᠠᠷ ᠲᠤᠰᠭᠠᠵᠠᠢ᠃ ᠲᠤᠭᠯᠠᠭᠴᠢᠳ ᠨᠢ ᠡᠯ᠎ᠡ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠦᠪᠯᠡᠨ ᠤᠯᠠᠮᠵᠢᠯᠠᠭᠴᠢᠳ ᠪᠠᠢᠬᠤ᠎ᠪᠠᠷ ᠪᠠᠷᠠᠬᠤ ᠥᠬᠡᠶ ᠪᠠᠰᠠ ᠲᠠᠷᠢᠶᠠᠴᠢᠨ᠂ ᠮᠠᠯᠴᠢᠨ᠂ ᠬᠢᠯᠢ ᠬᠠᠮᠠᠭᠠᠯᠠᠭᠴᠢ᠂ ᠪᠠᠭ᠍ᠰᠢ᠂ ᠠᠵᠢᠯᠴᠢᠨ᠂ ᠣᠶᠤᠲᠠᠨ᠂ ᠲᠣᠰᠭᠣᠨ᠎ᠤ ᠺᠠᠳ᠋ᠷ᠂ ᠮᠡᠷᠭᠡᠵᠢᠯ᠎ᠤᠨ ᠳᠠᠭᠤᠴᠢᠨ ᠵᠡᠷᠭᠡ ᠬᠦᠮᠦᠰ᠎ᠢ ᠪᠠᠭᠳᠠᠭᠠᠵᠦ᠂ ᠤᠯᠠᠮᠵᠢᠯᠠᠯᠳᠦ ᠳᠠᠭᠤᠤ ᠬᠦᠭᠵᠢᠮ ᠨᠢ ᠠᠷᠠᠳ ᠣᠯᠠᠨ᠎ᠤ ᠡᠳᠦᠷ ᠲᠤᠲᠤᠮ᠎ᠤᠨ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠠᠮᠢᠳᠤᠯᠢᠭ ᠦᠵᠡᠭ᠌ᠳᠡᠯ᠎ᠢ ᠢᠯᠡᠷᠡᠭᠦᠯᠵᠦ᠍ ᠴᠢᠳᠠᠵᠠᠢ᠃ ᠲᠣᠰ ᠤᠳᠠᠭᠠᠨ᠎ᠤ ᠲᠤᠭᠯᠠᠯᠳᠠ᠎ᠳᠦ ᠤᠷᠤᠯᠴᠠᠭᠰᠠᠨ ᠤᠯᠠᠮᠵᠢᠯᠠᠯᠲᠤ ᠠᠷᠠᠳ᠎ᠤᠨ ᠳᠠᠭᠤᠤ᠂ ᠬᠥᠭ᠌ᠵᠢᠮ ᠦᠨ ᠲᠥᠷᠥᠯ᠎ᠦᠨ ᠲᠤᠭᠯᠠᠯᠳᠠ ᠨᠢ ᠣᠷᠣᠨ ᠨᠤᠲᠤᠭ᠎ᠤᠨ ᠣᠨᠴᠠᠯᠢᠭ᠎ᠢᠶᠠᠷ ᠢᠯᠡ ᠲᠣᠳᠣ ᠪᠠᠢᠵᠤ᠂ ᠢᠵᠠᠭᠤᠷ ᠠᠷᠠᠳ᠎ᠤᠨ ᠳᠠᠭᠤᠤ᠎ᠶ᠋ᠢᠨ ᠤᠷᠠᠯᠢᠭ᠎ᠤᠨ ᠣᠬᠢ ᠰᠣᠳᠣ ᠪᠠ ᠰᠣᠶᠣᠯ᠎ᠤᠨ ᠠᠭᠤᠯᠤᠭ᠍ᠳᠠᠬᠤᠨ᠎ᠢ ᠭᠦᠶ᠋ᠴᠡᠳ ᠢᠯᠡᠷᠡᠭᠦᠯᠵᠠᠢ᠃ ᠲᠤᠰ ᠤᠳᠠᠭᠠᠨ᠎ᠤ ᠲᠣᠭ᠍ᠯᠠᠯᠲᠠ᠎ᠳᠤ᠂ 《ᠨᠠᠷᠠ ᠮᠠᠨᠳᠤᠯ᠎ᠠ》᠂ 《ᠪᠢᠴᠢᠬᠠᠨ ᠤᠯᠠᠭᠠᠨ ᠲᠤᠭᠤᠷ》᠂《ᠮᠢᠯᠠᠵᠢᠬᠠᠨ》 ᠵᠡᠷᠭᠡ ᠤᠯᠠᠨ᠎ᠠ ᠲᠠᠭᠠᠱᠢᠶᠠᠭ᠍ᠳᠠᠭ᠍ᠰᠠᠨ ᠰᠣᠩᠭᠣᠳᠠᠭ ᠠᠷᠠᠳ᠎ᠤᠨ ᠳᠠᠭᠤᠤ ᠪᠠᠢᠬᠤ ᠮᠦᠷᠳᠡᠭᠡᠨ《ᠲᠡᠮᠡᠴᠡᠯᠳᠦᠭᠡᠨᠦ ᠳᠠᠭᠤᠤ》᠂ 《ᠯᠢᠱᠦᠶ᠋ᠢ ᠣᠩᠭᠣᠴᠠᠴᠢᠨᠤ ᠪᠦᠷᠢᠶ᠎ᠡ》ᠵᠡᠷᠭᠡ ᠪᠠᠶᠠᠰᠤᠩᠭᠤᠢ ᠦᠬᠡᠳᠡᠷᠭᠡᠭ᠂ ᠨᠥᠯᠥᠭᠡᠯᠡᠬᠦ᠌ ᠬᠦᠴᠦᠨ᠎ᠲᠡᠶ ᠤᠯᠠᠮᠵᠢᠯᠠᠯᠲᠤ ᠬᠥᠳᠡᠯᠮᠦᠷᠢ᠎ᠶ᠋ᠢᠨ ᠳᠠᠭᠤᠤ ᠵᠢᠴᠢ ᠴᠠᠭ ᠦᠶ᠎ᠡ᠎ᠶ᠋ᠢᠨ ᠣᠨᠴᠠᠯᠢᠭ᠎ᠲᠠᠶ ᠦᠨᠳᠦᠰᠦᠲᠡᠨ᠎ᠦ ᠳᠠᠭᠤᠤ ᠬᠥᠭ᠌ᠵᠢᠮ᠎ᠢ ᠲᠤᠭᠯᠠᠵᠠᠢ ᠃
ᠡᠯ᠎ᠠ ᠦᠨᠳᠦᠰᠦᠳᠡᠨ᠎ᠤ ᠠᠷᠠᠳ ᠲᠦᠮᠡᠨ ᠰᠡᠳᠬᠢᠯ ᠨᠢᠭᠡᠳᠦᠨ ᠪᠦᠯᠬᠦᠮᠳᠡᠨ ᠲᠡᠮᠡᠴᠡᠵᠦ᠂ ᠰᠠᠢᠨ ᠰᠠᠢᠬᠠᠨ ᠢᠷᠡᠭᠡᠳᠦᠢ ᠵᠦᠭ ᠮᠤᠷᠳᠠᠨᠠᠮ᠃ 《ᠴᠠᠭ ᠦᠶ᠎ᠡ᠎ᠶ᠋ᠢᠨ ᠮᠠᠭ᠍ᠲᠠᠭᠠᠯ ᠳᠠᠭᠤᠤ》 ᠬᠡᠮᠡᠬᠦ ᠦᠳᠡᠰᠢᠯᠡᠬᠡ ᠵᠢᠨ ᠲᠡᠭᠦᠰᠭᠡᠯ ᠪᠦᠯᠦᠭ ᠲᠦ᠍᠂ ᠪᠦᠬᠦ᠌ ᠲᠣᠭ᠍ᠯᠠᠭ᠍ᠴᠢᠳ 《ᠬᠦᠳᠡᠭᠡ ᠳᠠᠯ᠎ᠠ ᠳ᠋ᠦ ᠮᠦᠩᠬᠡ ᠶ᠋ᠢᠨ ᠨᠠᠷᠠᠨ ᠰᠠᠴᠤᠷᠠᠨ ᠮᠠᠨᠳᠤᠯ᠎ᠠ》᠂ 《ᠳᠤᠮᠳᠠᠳᠤ ᠪᠡᠨ ᠬᠠᠢᠷᠠᠯᠠᠨ᠎ᠠ》 ᠭᠡᠬᠦ᠌ ᠳᠠᠭᠤᠤ᠎ᠶ᠋ᠢ ᠬᠠᠮᠲᠤ᠎ᠪᠠᠷ ᠳᠠᠭᠤᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠨᠢᠭᠳᠠᠷᠠᠯ ᠪᠦᠯᠬᠦᠮᠳᠡᠯ ᠬᠠᠢᠷ᠎ᠠ ᠰᠡᠳᠭᠢᠯᠭᠡ᠎ᠶ᠋ᠢ ᠦᠵᠡᠬᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠳᠤᠮᠳᠠ ᠬᠠᠮᠲᠤ᠎ᠪᠠᠷ ᠡᠭᠦᠳᠦᠭ᠌ᠰᠡᠨ ᠳᠤᠮᠳᠠᠳᠤ᠎ᠶ᠋ᠢᠨ ᠰᠣᠶᠣᠯ ᠢ᠋ ᠮᠠᠭ᠍ᠲᠠᠨ ᠳᠠᠭᠤᠯᠠᠵᠦ᠂ ᠡᠯ᠎ᠠ ᠦᠨᠳᠦᠰᠦᠳᠡᠨ ᠤ᠋ ᠠᠷᠠᠳ ᠲᠦᠮᠡᠨ ᠤ᠋ ᠢᠵᠠᠭᠤᠷ ᠤᠷᠠᠯᠢᠭ ᠤ᠋ᠨ ᠤᠬᠢ ᠰᠢᠮ᠎ᠠ ᠵᠢ ᠪᠦᠬᠦ ᠤᠯᠤᠰ ᠤ᠋ᠨ ᠠᠷᠠᠳ ᠲᠦᠮᠡᠨ ᠳ᠋ᠦ ᠰᠤᠨᠤᠷᠳᠠᠭᠤᠯᠤᠨ᠂ ᠲᠤᠮᠳᠠᠳᠦ ᠤᠯᠤᠰ ᠤ᠋ᠨ ᠤᠯᠠᠮᠵᠢᠯᠠᠯᠳᠦ ᠳᠠᠭᠤᠤ ᠬᠦᠭᠵᠢᠮ ᠤ᠋ᠨ ᠲᠦᠷᠦᠯ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠬᠠᠮᠠᠭᠠᠯᠠᠯᠳᠠ᠂ ᠤᠯᠠᠮᠵᠢᠯᠠᠯ᠂ ᠰᠤᠯᠢᠯᠴᠠᠭᠠᠨ ᠤ᠋ ᠦᠷ᠎ᠠ ᠪᠦᠳᠦᠭᠡᠯ ᠢ᠋ ᠪᠦᠬᠦ ᠳᠠᠯ᠎ᠠ ᠪᠡᠷ ᠠᠮᠢᠳᠤᠯᠢᠭ ᠬᠠᠷᠠᠭᠤᠯᠵᠦ᠂ ᠪᠦᠬᠦ ᠤᠯᠤᠰ᠎ᠤᠨ ᠠᠷᠠᠳ ᠲᠦᠮᠡᠨ ᠢᠳᠡᠭᠡᠯ ᠲᠦᠬᠦᠷᠡᠩ᠂ ᠤᠮᠤᠭ ᠵᠤᠷᠢᠭ ᠲᠠᠢ ᠪᠡᠷ ᠵᠤᠯ ᠵᠢᠷᠭᠠᠯᠳᠦ ᠢᠷᠡᠭᠡᠳᠦᠢ ᠪᠠᠨ ᠴᠤᠭᠴᠠᠯᠠᠬᠤ᠎ᠳᠦ ᠤᠶᠤᠨ ᠰᠠᠨᠠᠭᠠᠨ᠎ᠤ ᠬᠦᠴᠦ ᠤᠯᠭᠤᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃