ᠰᠣᠶᠣᠯ ᠤᠷᠠᠯᠢᠭ > ᠠᠶᠠᠯᠭᠤᠲᠤ ᠵᠢᠭᠤᠯᠴᠢᠯᠠᠯ ᠦᠪᠦᠷ ᠮᠤᠩᠭᠣᠯ

2025-07-09 12:02:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

7 ᠰᠠᠷ᠎ᠠ᠎ᠶᠢᠨ 3᠎ᠤ ᠡᠳᠦᠷ᠂ 《ᠬᠠᠲᠤᠨ ᠭᠤᠤᠯ᠎ᠳᠦ ᠤᠮᠳᠠᠯᠠᠭᠳᠠᠨ ᠪᠣᠢᠵᠢᠭ᠍ᠰᠠᠨ ᠤᠮᠠᠷᠠᠲᠤ᠌ ᠬᠢᠯᠢ》 ᠪᠠᠷ ᠭᠤᠤᠯ ᠰᠡᠳᠦᠪᠪᠣᠯᠭᠠᠵᠤ᠂ ᠦᠵᠡᠰᠬᠦᠯᠡᠩ᠂ ᠲᠣᠭᠯᠠᠯᠲᠠ᠂ ᠰᠤᠳᠤᠯᠤᠨ ᠰᠣᠷᠣᠯᠴᠠᠯᠭ᠎ᠠ᠂ ᠪᠣᠷᠣᠯᠠᠭᠤᠯᠭ᠎ᠠ ᠬᠡᠷᠡᠭ᠌ᠯᠡᠭᠡ᠎ᠶᠢ ᠨᠢᠭᠡᠴᠣᠭᠴᠠᠵᠢᠭᠤᠯᠤᠭᠰᠠᠨ 2025 ᠣᠨ᠎ᠤ ᠣᠷᠳᠣᠰ᠎ᠤᠨ ᠰᠣᠶᠣᠯ᠎ᠤᠨ ᠪᠦᠲᠦᠭᠡᠯᠴᠢ ᠠᠵᠤ ᠦᠢᠯᠡᠰ᠎ᠦᠨ ᠲᠥᠷᠥᠯ ᠲᠡᠮᠳᠡᠭ᠎ᠤᠨᠪᠠᠶ᠋ᠢᠭᠤᠯᠤᠯᠲᠠ᠎ᠶᠢᠨ ᠤᠬᠠᠭᠤᠯᠤᠨ ᠳᠡᠯᠭᠡᠷᠡᠭᠦᠯᠬᠦ᠌ ᠠᠵᠢᠯᠯᠠᠭ᠎ᠠ᠎ᠶᠢᠨ ᠭᠠᠷᠠᠭ ᠡᠬᠢᠯᠡᠪᠡ᠃



ᠲᠤᠰ ᠤᠳᠠᠭᠠᠨ᠎ᠤ ᠠᠵᠢᠯᠯᠠᠭ᠎ᠠ ᠨᠢ 5 ᠡᠳᠦᠷ ᠶᠠᠪᠤᠭᠳᠠᠵᠤ᠂A ᠣᠷᠳᠣᠨ ᠪᠠ B ᠣᠷᠳᠣᠨ ᠭᠡᠬᠦ᠌ ᠬᠣᠶᠠᠷᠭᠣᠣᠯ ᠰᠡᠳᠦᠪᠲᠦ᠍ ᠣᠷᠳᠣᠨ᠎ᠢ ᠲᠤᠬᠢᠷᠠᠭᠤᠯᠵᠠᠢ᠃ ᠡᠭᠦᠨ᠎ᠳᠦ A ᠣᠷᠳᠣᠨ ᠨᠢ ᠰᠣᠶᠣᠯ᠎ᠤᠨ ᠦᠵᠡᠰᠬᠦᠯᠡᠩ ᠰᠣᠶᠣᠯ᠎ᠤᠨ ᠡᠭᠦᠳᠦᠯᠲᠡ᠎ᠶᠢᠨ ᠪᠦᠲᠦᠭᠡᠭ᠌ᠳᠡᠬᠦᠨ᠎ᠦ ᠰᠣᠯᠢᠯᠴᠠᠭ᠎ᠠ᠎ᠪᠠᠷ ᠭᠣᠣᠯ ᠰᠡᠳᠦᠪ ᠪᠣᠯᠭᠠᠵᠤ᠂ᠨᠡᠶ᠋ᠢᠰᠯᠡᠯ᠎ᠦᠨ ᠮᠦᠽᠧᠢ᠂ ᠱᠠᠨᠰᠢ ᠮᠤᠵᠢ᠎ᠶᠢᠨ ᠲᠡᠦᠬᠡ᠎ᠶᠢᠨ ᠮᠦᠽᠧᠢ᠂ ᠭᠤᠸᠠᠩᠳᠦ᠋ᠩ ᠮᠤᠵᠢ᠎ᠶᠢᠨ ᠮᠦᠽᠧᠢ᠎ᠪᠡᠷᠲᠥᠯᠥᠭᠡᠯᠡᠭᠦᠯᠦᠭᠰᠡᠨ ᠤᠯᠤᠰ᠎ᠤᠨ ᠳᠣᠲᠣᠭᠠᠳᠤ᠎ᠶᠢᠨ 20 ᠭᠠᠷᠤᠢ ᠨᠡᠷᠡᠳᠤ ᠰᠣᠶᠣᠯ᠎ᠤᠨ ᠦᠵᠡᠰᠬᠦᠯᠡᠩ᠎ᠦᠨ ᠨᠢᠭᠡᠴᠢ ᠲᠤᠰ ᠣᠷᠳᠣᠨ᠎ᠳᠤ ᠴᠤᠭ᠍ᠯᠠᠭ᠍ᠰᠠᠨ ᠪᠠᠢᠨ᠎ᠠ᠃ ᠡᠳᠡᠭᠡᠷ ᠥᠪᠡᠷᠮᠢᠴᠡ ᠣᠨᠴᠠᠯᠢᠭ ᠪᠦᠬᠦᠢ ᠰᠣᠶᠣᠯ᠎ᠤᠨ ᠦᠵᠡᠰᠬᠦᠯᠡᠩᠰᠣᠶᠣᠯ᠎ᠤᠨ ᠡᠭᠦᠳᠦᠯᠲᠡ᠎ᠶᠢᠨ ᠪᠦᠲᠦᠭᠡᠭ᠌ᠳᠡᠬᠦᠨ ᠨᠢ ᠦᠵᠡᠭ᠌ᠴᠢᠳ᠎ᠦᠨ ᠬᠠᠷᠠᠭ᠎ᠠ᠎ᠶ᠋ᠢ ᠪᠠᠶᠠᠰᠭᠠᠭ᠍ᠰᠠᠨ ᠭᠢᠯᠠᠰ ᠴᠡᠭ ᠪᠣᠯᠵᠠᠢ᠃ ᠡᠭᠦᠨ᠎ᠡᠴᠡ ᠭᠠᠳᠠᠨ᠎ᠠ᠂ ᠲᠤᠰ ᠣᠷᠳᠣᠨ᠎ᠳᠤ ᠪᠠᠰᠠ ᠭᠤᠸᠠᠩᠳᠦ᠋ᠩ ᠰᠢᠶᠠᠩᠭᠠᠩ ᠣᠣᠮᠧᠨ ᠵᠢᠴᠢ ᠬᠥᠬᠡᠮᠥᠷᠡᠨ᠎ᠦ ᠭᠤᠷᠪᠠᠯᠵᠢᠨ ᠬᠣᠶ᠋ᠢᠭ᠎ᠤᠨ ᠭᠠᠵᠠᠷᠣᠷᠣᠨ᠎ᠤ ᠬᠤᠳᠠ᠎ᠶᠢᠨ ᠰᠣᠶᠣᠯ᠎ᠤᠨ ᠠᠵᠤ ᠦᠢᠯᠡᠰ᠎ᠦᠨ ᠰᠣᠯᠢᠯᠴᠠᠭᠠᠨ᠎ᠤ ᠲᠣᠭᠣᠷᠢᠭ᠂ ᠬᠠᠳᠤᠨ ᠭᠣᠣᠯ᠎ᠤᠨ ᠰᠠᠪᠠ ᠭᠠᠵᠠᠷ᠎ᠤᠨ ᠬᠤᠳᠠ᠎ᠶᠢᠨᠰᠣᠶᠣᠯ᠎ᠤᠨ ᠠᠵᠤ ᠦᠢᠯᠡᠰ᠎ᠦᠨ ᠰᠣᠯᠢᠯᠴᠠᠭᠠᠨ᠎ᠤ ᠲᠣᠭᠣᠷᠢᠭ᠎ᠢ ᠲᠣᠬᠢᠷᠠᠭᠤᠯᠪᠠ; B ᠣᠷᠳᠣᠨ᠎ᠨᠢ ᠤᠮᠠᠷᠠᠲᠤ᠌ᠬᠢᠯᠢ᠎ᠶᠢᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠎ᠢᠶᠡᠷ ᠭᠣᠣᠯ ᠰᠡᠳᠦᠪ ᠪᠣᠯᠭᠠᠵᠤ᠂ ᠣᠷᠳᠣᠰ ᠬᠣᠲᠠ᠎ᠶᠢᠨ 7 ᠬᠣᠰᠢᠭᠤ 2 ᠲᠣᠭᠣᠷᠢᠭ ᠲᠣᠰᠲᠣᠰ᠎ᠤᠨ ᠤᠷᠮᠠᠰ᠎ᠢᠶᠠᠨ ᠢᠯᠡᠷᠡᠭᠦᠯᠦᠨ᠂ B ᠣᠷᠳᠣᠨ᠎ᠳᠤ ᠰᠣᠳᠣᠨ ᠪᠦᠲᠦᠭᠡᠯ ᠤᠯᠠᠨ ᠴᠣᠯᠭᠣᠷᠠᠭ᠍ᠰᠠᠨ ᠪᠠᠢᠨ᠎ᠠ᠃ ᠦᠵᠡᠭᠦᠯᠭᠡ᠎ᠶᠢᠨ ᠲᠢᠩᠬᠢᠮ᠎ᠦᠨ ᠵᠢᠷᠤᠭ ᠲᠥᠯᠥᠪᠯᠡᠭᠡ ᠨᠢ ᠲᠣᠰ ᠲᠣᠰ᠎ᠤᠨ ᠭᠠᠵᠠᠷᠣᠷᠣᠨ᠎ᠤ ᠣᠨᠴᠠᠯᠢᠭ ᠪᠢᠯᠬᠠᠮ᠎ᠠ᠄ ᠳ᠋ᠦᠩᠱᠧᠩ ᠲᠣᠭᠣᠷᠢᠭ᠂ 《ᠰᠢᠨᠵᠢᠯᠡᠬᠦ᠌ ᠤᠬᠠᠭᠠᠨᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠢᠮᠠᠭᠠᠨ ᠨᠣᠣᠯᠣᠭᠤᠷ》 ᠨᠢ ᠬᠠᠲᠤᠨ ᠭᠤᠤᠯ᠎ᠤᠨ ᠬᠥᠪᠡᠭᠡᠨ᠎ᠡ ᠳᠤᠯᠠᠭᠠᠨ ᠬᠣᠲᠠ᠎ᠶ᠋ᠢᠨ ᠳᠡᠪᠢᠰᠭᠡᠷ ᠥᠩᠭᠡ᠎ᠶ᠋ᠢᠵᠤᠵᠠᠭᠠᠳᠬᠠᠨ᠎ᠠ︔ ᠦᠦᠰᠢᠨ ᠬᠣᠰᠢᠭᠤ᠂ 《ᠱᠢᠷᠠᠤ᠋ᠰᠤᠨ᠎ᠤ ᠬᠠᠳᠤᠨᠭᠤᠤᠯ᠎ᠤᠨ ᠳᠤᠷᠠᠰᠤᠮᠵᠢ — ᠪᠠᠯᠠᠷ ᠡᠷᠲᠡᠨ᠎ᠦ ᠪᠣᠯᠪᠠᠰᠤᠨ ᠪᠣᠯᠤᠨ ᠤᠮᠠᠷᠠᠲᠤ᠌ ᠬᠢᠯᠢ᠎ᠶᠢᠨᠰᠢᠨ᠎ᠡ ᠬᠥᠭ ᠠᠶᠠᠰ᠎ᠤᠨ ᠶᠠᠷᠢᠯᠴᠠᠭ᠎ᠠ》 ᠨᠢ ᠰᠣᠶᠣᠯ ᠵᠢᠭᠤᠯᠴᠢᠯᠠᠯ᠎ᠤᠨᠭᠡᠷᠡᠯᠲᠦ᠍ ᠳ᠋ᠧᠩ᠎ᠢ ᠭᠡᠷᠡᠯᠲᠦᠭᠦᠯᠪᠡ︔ᠬᠢᠶ᠎ᠡ ᠪᠠᠭᠰᠢ ᠲᠣᠭᠣᠷᠢᠭ᠂《ᠤᠷᠲᠤ᠌ ᠮᠥᠷᠡᠨ ᠤᠮᠠᠷᠠᠲᠤ᠌ ᠬᠢᠯᠢ᠎ᠶᠢ ᠭᠡᠶ᠋ᠢᠭᠦᠯᠵᠦ᠍᠂ ᠤᠳᠬ᠎ᠠ ᠤᠷᠠᠯᠢᠭᠬᠢᠶ᠎ᠡ ᠪᠠᠭᠰᠢ ᠲᠣᠭᠣᠷᠢᠭ᠎ᠢ ᠱᠢᠮᠡᠳᠭᠡᠨ᠎ᠡ》᠂ ᠬᠢᠶ᠎ᠡ ᠪᠠᠭᠰᠢ ᠲᠣᠭᠣᠷᠢᠭ᠎ᠤᠨ ᠰᠣᠶᠣᠯ ᠢᠷᠭᠡᠨᠱᠢᠯ᠂ ᠠᠮᠢ ᠠᠬᠤᠢ᠎ᠶᠢᠨ ᠪᠣᠯᠪᠠᠰᠤᠨ᠎ᠤᠪᠠᠶ᠋ᠢᠭᠤᠯᠤᠯᠲᠠ᠎ᠶᠢᠨ ᠣᠶ᠋ᠢᠯᠠᠭᠠᠭᠳᠠᠬᠤᠨ᠎ᠢ ᠭᠦᠢᠴᠡᠳ ᠢᠯᠡᠷᠡᠭᠦᠯᠪᠡ︔ᠡᠵᠡᠨ ᠬᠣᠷᠣᠭ᠎ᠠ ᠬᠣᠰᠢᠭᠤ᠂ 《ᠬᠠᠲᠤᠨ ᠭᠤᠤᠯᠤᠮᠳᠠᠯᠠᠭ᠍ᠰᠠᠨ ᠡᠵᠡᠨ ᠬᠣᠷᠣᠭ᠎ᠠ ᠬᠣᠰᠢᠭᠤ ᠰᠠᠢᠬᠠᠨ ᠭᠠᠵᠠᠷ》 ᠡᠵᠡᠨᠬᠣᠷᠣᠭ᠎ᠠ ᠬᠣᠰᠢᠭᠤ ᠎ᠶ᠋ᠢᠨ ᠪᠣᠬᠢᠷᠲᠤᠯ ᠥᠬᠡᠶ ᠬᠥᠭᠵᠢᠯᠲᠡ᠎ᠶᠢᠨ ᠬᠦᠰᠡᠯ᠎ᠢ ᠳᠣᠪᠣᠶ᠋ᠢᠯᠭᠠᠪᠠ︔ ᠵᠡᠭᠦᠨᠭᠠᠷ ᠬᠣᠰᠢᠭᠤ᠂ 《ᠮᠠᠨ᠎ᠤ ᠵᠡᠭᠦᠨᠭᠠᠷ》 ᠬᠡᠯᠪᠡᠷᠢ᠎ᠪᠡᠨ ᠬᠤᠪᠢᠷᠠᠭᠤᠯᠤᠨᠬᠥᠭᠵᠢᠭᠦᠯᠵᠦ᠍᠂ ᠰᠣᠶᠣᠯ᠎ᠢᠶᠠᠷ ᠠᠶᠠᠨ ᠵᠠᠮ᠎ᠢᠶᠠᠨ ᠵᠠᠮᠴᠢᠯᠠᠨ᠎ᠠ︔ ᠬᠠᠩᠭᠢᠨ ᠬᠣᠰᠢᠭᠤ᠂ 《ᠡᠯᠡᠰᠦᠨ ᠴᠦᠯ᠎ᠦᠨ ᠨᠣᠭᠣᠭᠠᠨᠪᠦᠷᠢᠳᠦ ᠬᠠᠩᠭᠢᠨ ᠨᠤᠲᠤᠭ》 ᠡᠯᠡᠰᠦᠨ ᠴᠦᠯ᠎ᠦᠨ ᠵᠠᠰᠠᠯᠲᠠ᠎ᠶᠢᠨ ᠭᠠᠶ᠋ᠢᠬᠠᠮᠰᠢᠭ᠎ᠢᠲᠣᠭᠠᠴᠢᠨ᠎ᠠ︔ᠤᠲᠤᠭ ᠬᠣᠰᠢᠭᠤᠨ᠎ᠤ 《ᠬᠠᠢᠷᠠᠯᠠᠯᠲᠠᠢ ᠤᠲᠤᠭ ᠱᠢᠳᠢᠲᠦ ᠲᠠᠯ᠎ᠠ ᠨᠤᠲᠤᠭ》᠂ ᠤᠷᠢᠯᠭ᠎ᠠ ᠲᠠᠯᠪᠢᠨ ᠲᠠᠯ᠎ᠠ ᠨᠤᠲᠤᠭ ᠲᠠᠨ᠎ᠢ ᠪᠠᠨᠪᠠᠶᠠᠷᠯᠠᠨ ᠤᠭ᠍ᠲᠤᠵᠤ ᠪᠠᠢᠨ᠎ᠠ︔ ᠣᠲᠣᠭ᠎ᠤᠨᠡᠮᠦᠨᠡᠲᠦ᠍ ᠬᠣᠰᠢᠭᠤ᠂ 《ᠣᠲᠣᠭ᠎ᠤᠨ ᠡᠮᠦᠨᠡᠲᠦ᠍ ᠬᠣᠰᠢᠭᠤ ᠡᠷᠡᠯᠬᠡᠭᠯᠡᠨᠲᠡᠮᠡᠴᠡᠵᠦ᠍ ᠰᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠤᠨ᠎ᠠ》᠂ ᠴᠣ ᠰᠢᠨ᠎ᠡ ᠣᠲᠣᠭ᠎ᠤᠨ ᠡᠮᠦᠨᠡᠲᠦ᠍ ᠬᠣᠰᠢᠭᠤ᠎ᠶᠢ ᠳᠡᠯᠭᠡᠨ ᠦᠵᠡᠭᠦᠯᠦᠨ᠎ᠡ︔ ᠳᠠᠯᠠᠳ ᠬᠣᠰᠢᠭᠤ᠂ 《ᠥᠩᠭᠡ ᠦᠵᠡᠮᠵᠢ ᠬᠢᠵᠠᠭᠠᠯᠠᠰᠢ ᠥᠬᠡᠶ ᠰᠠᠢᠬᠠᠨ ᠳᠠᠯᠠᠳ》 ᠭᠤᠤᠯ ᠮᠥᠷᠡᠨ᠂ ᠡᠯᠡᠰᠦᠨ ᠴᠥᠯ᠂ ᠬᠡᠷᠡᠯᠴᠢ ᠴᠡᠨᠡᠭ᠎ᠢᠶᠠᠷ ᠪᠦᠷᠢᠯᠳᠦᠭ᠌ᠰᠡᠨ ᠭᠣᠢᠳᠠᠰᠠᠢᠬᠠᠨ ᠥᠩᠭᠡ ᠦᠵᠡᠮᠵᠢ ᠎ᠶ᠋ᠢ ᠳᠡᠯᠭᠡᠨ᠎ᠡ︔ ᠡᠳᠡᠭᠡᠷ ᠨᠢ ᠰᠢᠨ᠎ᠡ ᠴᠠᠭ ᠦᠶ᠎ᠡ᠎ᠶᠢᠨ ᠣᠷᠳᠣᠰ ᠬᠣᠲᠠ᠎ᠶ᠋ᠢᠨ ᠬᠣᠰᠢᠭᠤ ᠲᠣᠭᠣᠷᠢᠭ᠎ᠤᠨᠰᠢᠨ᠎ᠡ ᠳᠦᠷᠰᠦ ᠪᠠᠶ᠋ᠢᠳᠠᠯ᠎ᠢ ᠭᠦᠢᠴᠡᠳ ᠲᠤᠰᠬᠠᠪᠠ᠃


QQ截图20250224163902.png


ᠢᠷᠡᠯᠲᠡ ᠄ ᠳᠠᠯ᠎ᠠ ᠨᠤᠳᠤᠭ᠎ᠤᠨ ᠡᠭᠦᠯᠡ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面