ᠰᠣᠶᠣᠯ ᠤᠷᠠᠯᠢᠭ > ᠠᠶᠠᠯᠭᠤᠲᠤ ᠵᠢᠭᠤᠯᠴᠢᠯᠠᠯ ᠦᠪᠦᠷ ᠮᠤᠩᠭᠣᠯ

2025-07-11 09:45:02

ᠵᠣᠬᠢᠶᠠᠭ᠍ᠴᠢ᠄ ​ᠬᠣᠸᠠᠩ ᠫᠦ ᠰᠢᠦ ᠯᠢᠩ ᠰᠦᠩ ᠠ ᠨᠠᠨ ᠰᠢᠣᠸᠠᠢ ᠢ ᠴᠢᠶᠦᠢ᠍ᠨ ᠯᠢ ᠺᠸ ᠰᠢᠨ ᠭᠣᠣ ᠮᠢᠨ ᠨᠠ ᠪᠣᠶᠠᠠᠡᠨᠡᠷᠢᠯ ᠰᠢᠣᠸᠠᠢ ᠯᠠᠢ ᠰᠢᠣᠢ ᠶᠣᠸ ᠣᠩᠱᠢᠭ᠍ᠰᠠᠨ ᠣᠳᠠᠭ᠎ᠠ᠄ 3

— ᠪᠦᠬᠦ ᠣᠷᠣᠨ ᠤ᠋ ᠡᠯ᠎ᠡ ᠭᠠᠵᠠᠷ ᠤ᠋ᠨ ᠣᠮᠠᠷᠠᠲᠣ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠣᠯᠠᠷᠢᠯ ᠳ᠋ᠦ ᠬᠢᠯᠡᠰ ᠴᠡᠭ ᠦᠯᠡᠮᠵᠢ


6 ᠰᠠᠷ᠎ᠠ ᠵᠢᠨ 21 ᠤ᠋ ᠡᠳᠦᠷ᠂ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠡᠬᠢᠯᠡᠭ᠌ᠰᠡᠨ ᠡᠴᠡ ᠨᠠᠭᠠᠰᠢ᠂ ᠪᠦᠬᠦ ᠣᠷᠣᠨ ᠤ᠋ ᠡᠯ᠎ᠡ ᠠᠢᠮᠠᠭ ᠬᠣᠲᠠ ᠳ᠋ᠤ ᠰᠣᠶᠣᠯ ᠵᠢᠡᠷ ᠠᠷᠠᠳ ᠲᠦ᠍ ᠠᠱᠢᠭ ᠬᠦᠷᠲᠡᠭᠡᠬᠦ᠌ ᠬᠠᠯᠠᠭᠤᠨ ᠣᠷᠣᠰᠬᠠᠯ ᠦᠷᠨᠢᠪᠡ᠃ ᠡᠯ᠎ᠡ ᠭᠠᠵᠠᠷ ᠤ᠋ᠨ ᠬᠢᠨ《ᠠᠶᠠᠯᠭᠣᠲᠣ ᠵᠢᠭᠣᠯᠴᠢᠯᠠᠯ ᠥᠪᠥᠷ ᠮᠣᠩᠭᠣᠯ》 ᠲᠦᠷᠦᠯ ᠲᠡᠮᠳᠡᠭ ᠲᠸ᠋ ᠲᠦᠱᠢᠭ᠌ᠯᠡᠨ ᠤᠨᠴᠠᠯᠢᠬ᠍ᠳᠤ ᠰᠣᠶᠣᠯ ᠤ᠋ᠨ ᠠᠵᠢᠯᠯᠠᠭ᠎ᠠ ᠶ᠋ᠢ ᠨᠠᠷᠢᠯᠢᠬ ᠲᠦᠰᠦᠪᠯᠡᠨ ᠨᠢᠮᠪᠠᠢ ᠵᠣᠬᠢᠶᠠᠨ ᠪᠠᠢᠭᠣᠯᠵᠦ᠂ ᠱᠢᠯᠢᠳᠡᠭ ᠰᠣᠶᠣᠯ ᠤ᠋ᠨ ᠦᠶ᠋ᠯᠡᠴᠢᠯᠡᠭᠡ ᠵᠢ ᠣᠯᠠᠨ ᠲᠦᠮᠡᠨ ᠤ᠋ ᠲᠣᠮᠲᠠ ᠬᠦᠷᠭᠡᠵᠦ᠍᠂ ᠣᠯᠠᠮᠵᠢᠯᠠᠨ ᠵᠠᠯᠭᠠᠮᠵᠢᠯᠠᠵᠦ ᠰᠢᠨ᠎ᠡ ᠵᠢ ᠡᠬᠦᠳᠬᠦ ᠲᠣᠮᠲᠠ 《ᠤᠮᠠᠷᠠᠲᠤ ᠬᠢᠯᠢ ᠵᠢᠨ ᠰᠣᠶᠣᠯ》 ᠤ᠋ᠨ ᠴᠠᠭ ᠦᠶ᠎ᠡ ᠵᠢᠨ ᠭᠢᠯᠪᠠᠭ᠎ᠠ ᠵᠢ ᠰᠠᠴᠣᠷᠠᠭᠣᠯᠣᠨ᠎ᠠ᠃

ᠤᠢ᠍ᠢᠷ᠎ᠠ ᠵᠢᠨ ᠡᠳᠦᠷ ᠤ᠋ᠳ ᠲᠦ᠍ ᠬᠥᠬᠡᠬᠣᠲᠠ 《ᠤᠷᠠᠯᠢᠭ ᠤ᠋ᠨ ᠦᠪᠡᠳᠡᠭ᠌ᠰᠢ ᠴᠤᠭ᠍ᠯᠠᠭᠠᠨ ᠠᠷᠠᠳ ᠲᠦᠮᠡᠨ ᠤ᠋ ᠨᠢᠵᠢᠬᠢᠷ ᠨᠠᠢᠷ》 ᠭᠡᠬᠦ᠌ ᠭᠣᠣᠯ ᠰᠡᠳᠦᠪ ᠤ᠋ᠨ ᠲᠣᠭᠣᠷᠢᠨ ᠳ᠋ᠤ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠢ᠋ ᠢᠵᠢ ᠪᠦᠷᠢᠳᠦᠭᠦᠯᠦᠨ ᠡᠬᠢᠯᠡᠭᠦᠯᠪᠠ᠃ ᠣᠳᠣᠬᠠᠨ ᠪᠤᠯᠳᠠᠯ᠎ᠠ 《ᠴᠡᠴᠡᠭ ᠵᠤᠯᠭᠠᠷᠠᠨ ᠳᠡᠯᠭᠡᠷᠡᠬᠦᠶ᠎ᠡ》 ᠭᠡᠬᠦ ᠡᠯ ᠷᠧᠨ ᠲᠡᠢ ᠵᠦᠴᠦᠭᠡ ᠶ᠋ᠢᠨ ᠦᠵᠡᠭᠦᠯᠭᠡ ᠵᠢᠨ ᠲᠣᠭ᠍ᠯᠠᠯᠲᠠ᠂ 《ᠣᠳᠬ᠎ᠠ ᠤᠷᠠᠯᠢᠭ ᠶ᠋ᠢᠡᠷ ᠤᠮᠠᠷᠠᠲᠤ ᠬᠢᠯᠢ ᠪᠠᠨ ᠴᠢᠮᠡᠬᠦᠢ᠂ ᠤᠷᠠᠨ ᠪᠢᠴᠢᠯᠭᠡ ᠪᠡᠷ ᠬᠥᠬᠡᠬᠣᠲᠠ ᠪᠠᠨ ᠪᠠᠬᠠᠲᠣᠬᠣᠢ》 ᠤᠷᠠᠨ ᠪᠢᠴᠢᠯᠭᠡ ᠵᠢᠨ ᠦᠵᠡᠬᠦᠯᠭᠡ ᠵᠢᠨ ᠤᠯᠠᠷᠢᠯ᠂ ᠯᠢᠦ ᠷᠦᠸᠸ ᠶᠢᠩ ᠪᠣᠯᠤᠨ ᠰᠢᠶᠣᠣ ᠱᠸᠨ ᠶᠠᠩ ᠤ᠋ᠨ ᠳᠠᠭᠤᠤ ᠵᠢᠨ ᠦᠳᠡᠱᠢᠯᠡᠭᠡ ᠵᠡᠷᠭᠡ 23 ᠵᠦᠢᠯ ᠤ᠋ᠨ ᠠᠵᠢᠯᠯᠠᠭ᠎ᠠ ᠥᠷᠨᠢᠭᠦᠯᠵᠦ᠍ ᠂ ᠣᠯᠠᠨ ᠲᠦᠮᠡᠨ ᠤ᠋ ᠪᠠᠬᠠᠷᠬᠠᠯ ᠢ᠋ ᠲᠠᠲᠠᠵᠠᠢ᠃ ᠳᠠᠷᠠᠭᠠᠴᠢ ᠪᠡᠷ ᠴᠡᠯᠡᠭᠡᠷ ᠲᠠᠯ᠎ᠠ ᠵᠢᠨ ᠱᠢᠯᠦᠭ ᠳᠠᠭᠤᠯᠠᠯ ᠤ᠋ᠨ ᠤᠯᠠᠷᠢᠯ᠂ ᠬᠥᠬᠡᠬᠣᠲᠠ ᠵᠢᠨ ᠰᠣᠶᠣᠯ ᠤ᠋ᠨ ᠶᠠᠷᠢᠶᠠᠨ ᠤ᠋ ᠲᠠᠪᠴᠠᠩ᠂ ᠯᠠᠩ ᠯᠠᠩ ᠤ᠋ᠨ ᠳᠠᠭᠤᠤ ᠬᠥᠭ᠌ᠵᠢᠮ ᠤ᠋ᠨ ᠦᠳᠡᠱᠢᠯᠡᠭᠡ᠂ ᠣᠯᠠᠨ ᠤᠯᠤᠰ ᠤ᠋ᠨ ᠱᠤᠭᠤᠮᠠᠯ ᠤᠷᠠᠯᠢᠭ ᠤ᠋ᠨ ᠦᠵᠡᠭᠦᠯᠭᠡ ᠵᠡᠷᠭᠡ 47 ᠵᠦᠢᠯ ᠤ᠋ᠨ ᠠᠵᠢᠯᠯᠠᠭ᠎ᠠ ᠵᠢ ᠵᠠᠯᠭᠠᠭ᠎ᠠ ᠪᠠᠷ ᠥᠷᠨᠢᠭᠦᠯᠵᠦ᠂ ᠬᠣᠲᠠ ᠵᠢᠨ ᠠᠷᠠᠳ ᠪᠣᠯᠤᠨ ᠵᠢᠭᠤᠯᠴᠢᠯᠠᠭᠰᠠᠳ ᠤ᠋ᠨ ᠬᠠᠷᠠᠭ᠎ᠠ ᠰᠣᠨᠣᠷ ᠢ᠋ ᠪᠠᠶᠠᠰᠬᠠᠬᠣ ᠪᠣᠯᠣᠨ᠎ᠠ᠃

6 ᠰᠠᠷ᠎ᠠ ᠵᠢᠨ 28 ᠤ᠋ ᠡᠳᠦᠷ᠂ ᠬᠣᠶᠠᠳᠤᠭᠠᠷ ᠬᠤᠭᠤᠴᠠᠭᠠᠨ ᠤ᠋ 《ᠳᠤᠮᠳᠠᠳᠤ ᠤᠯᠤᠰ ᠤ᠋ᠨ ᠼᠢᠷᠺ ᠤ᠋ᠨ ᠤᠮᠠᠷᠠᠲᠤ ᠬᠢᠯᠢ ᠵᠢᠨ ᠠᠶᠠᠯᠠᠯ》 ᠤ᠋ᠨ ᠱᠢᠷᠢᠰ ᠠᠵᠢᠯᠯᠠᠭ᠎ᠠ ᠪᠤᠭᠤᠲᠤ ᠬᠣᠲᠠ ᠵᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠳ᠋ᠤ ᠶᠠᠪᠤᠭ᠍ᠳᠠᠪᠠ᠃ ᠪᠦᠬᠦ᠌ ᠤᠯᠤᠰ ᠤ᠋ᠨ ᠡᠯ᠎ᠡ ᠭᠠᠵᠠᠷ ᠡᠴᠡ ᠬᠦᠷᠦᠯᠴᠡᠨ ᠢᠷᠡᠭᠰᠡᠨ ᠲᠣᠭ᠍ᠯᠠᠭ᠍ᠴᠢᠳ ᠤᠷᠠᠨ ᠮᠡᠷᠭᠡᠵᠢᠯ᠂ ᠣᠷᠭᠢᠯᠤᠮ᠎ᠠ ᠰᠡᠳᠭᠢᠯᠭᠡ ᠪᠡᠷ ᠦᠵᠡᠭᠴᠢ ᠤᠯᠠᠨ ᠳ᠋ᠤ ᠤᠷᠠᠯᠢᠭ ᠤ᠋ᠨ ᠦᠪᠡᠳᠡᠭ᠌ᠰᠢ ᠨᠠᠢᠷ ᠢ᠋ ᠰᠣᠨᠢᠷᠬᠠᠭᠣᠯᠣᠬᠰᠠᠨ ᠪᠠᠢᠨ᠎ᠠ᠃ 6 ᠰᠠᠷ᠎ᠠ ᠵᠢᠨ 29 ᠤ᠋ ᠦᠷᠯᠦᠭᠡ᠂ ᠲᠣᠭ᠍ᠯᠠᠯᠲᠠ ᠵᠢᠨ ᠪᠦᠯᠬᠦᠮ ᠤ᠋ᠨ ᠬᠢᠨ ᠮᠠᠨᠲᠣᠬᠣ ᠨᠠᠷᠠᠨ ᠢ᠋ ᠣᠬᠲᠣᠨ ᠮᠠᠨᠳᠤᠯ ᠬᠢᠯᠢ ᠵᠢᠨ ᠬᠠᠮᠠᠭᠠᠯᠠᠯᠲᠠ ᠵᠢᠨ ᠴᠡᠷᠢᠭ ᠠᠩᠭᠢ ᠳ᠋ᠤ ᠬᠦᠷᠴᠦ᠍᠂ ᠬᠢᠯᠢ ᠵᠢᠨ ᠬᠠᠮᠠᠭᠠᠯᠠᠯᠲᠠ ᠵᠢᠨ ᠳᠠᠷᠤᠭ᠎ᠠ ᠪᠠᠢᠯᠳᠤᠭ᠍ᠴᠢ ᠪᠣᠯᠣᠨ ᠠᠷᠠᠳ ᠤ᠋ᠨ ᠴᠠᠭ᠍ᠳᠠᠭ᠎ᠠ ᠨᠠᠷ ᠢ᠋ ᠲᠣᠬᠣᠨᠢᠭᠤᠯᠬᠤ ᠲᠣᠭ᠍ᠯᠠᠯᠲᠠ ᠭᠠᠷᠭᠠᠪᠠ᠃ 《ᠡᠢᠮᠦ᠍ ᠥᠨᠳᠥᠷ ᠲᠦᠪᠱᠢᠨ ᠲᠡᠶ ᠲᠣᠭ᠍ᠯᠠᠯᠲᠠ ᠵᠢ ᠠᠬᠤᠢ ᠲᠠᠯᠠᠪᠠᠢ ᠳ᠋ᠤ ᠤᠯᠵᠤ ᠰᠣᠨᠢᠷᠬᠠᠬᠤ ᠵᠢ ᠪᠤᠳᠤᠵᠤ ᠤᠯᠤᠭᠰᠠᠨ ᠦᠭᠡᠢ᠃ ᠡᠬᠡ ᠤᠯᠤᠰ ᠪᠣᠯᠣᠨ ᠠᠷᠠᠳ ᠲᠦᠮᠡᠨ ᠤ᠋ ᠬᠠᠢᠷ᠎ᠠ ᠬᠠᠯᠠᠮᠵᠢ ᠵᠢ ᠪᠢᠳᠡᠨ ᠳ᠋ᠦ ᠬᠦᠷᠲᠡᠭᠡᠯ᠎ᠡ》 ᠭᠡᠵᠦ᠍ ᠮᠠᠨᠳᠤᠯ ᠳ᠋ᠡᠬᠢ ᠬᠢᠯᠢ ᠵᠢᠨ ᠲᠣᠮᠢᠯᠠᠭ᠍ᠰᠠᠨ ᠰᠠᠯᠪᠤᠷᠢ ᠵᠢᠨ ᠴᠠᠭ᠍ᠳᠠᠭ᠎ᠠ ᠯᠢᠦ ᠶᠠᠩ ᠰᠡᠳᠭᠢᠯ ᠲᠣᠬᠲᠣᠯᠣᠨ ᠶᠠᠷᠢᠵᠦ ᠪᠠᠢᠯ᠎ᠠ᠃

7 ᠰᠠᠷ᠎ᠠ ᠵᠢᠨ 7 ᠤ᠋ ᠡᠳᠦᠷ᠂ ᠳᠤᠮᠳᠠᠳᠤ ᠤᠯᠤᠰ ᠤ᠋ᠨ ᠦᠨᠳᠦᠰᠦᠲᠡᠨ ᠤ᠋ ᠬᠦᠭ᠌ᠵᠢᠮᠳᠡᠬᠦᠷ ᠤ᠋ᠨ ᠠᠷᠠᠳ ᠲᠦ᠍ ᠠᠱᠢᠭ ᠬᠦᠷᠲᠡᠭᠡᠬᠦ᠌ ᠦᠵᠡᠭᠦᠯᠭᠡ ᠵᠢᠨ ᠲᠣᠭ᠍ᠯᠠᠯᠲᠠ ᠲᠦᠩᠯᠢᠶᠣᠤ ᠬᠣᠲᠠ ᠵᠢᠨ ᠬᠦᠷᠢᠶ᠎ᠡ ᠬᠣᠱᠢᠭᠤᠨ ᠤ᠋ ᠮᠦᠩᠬᠦᠨᠲᠣᠬᠣᠢ ᠵᠢᠭᠤᠯᠴᠢᠯᠠᠯ ᠤ᠋ᠨ ᠦᠵᠡᠮᠵᠢ ᠵᠢᠨ ᠣᠷᠣᠨ ᠳ᠋ᠤ ᠶᠠᠪᠣᠬᠲᠠᠵᠦ᠂ ᠲᠤᠬᠠᠶ ᠵᠢᠨ ᠭᠠᠵᠠᠷ ᠤ᠋ᠨ ᠣᠯᠠᠨ ᠲᠦᠮᠡᠨ ᠪᠣᠯᠤᠨ ᠵᠢᠭᠤᠯᠴᠢᠯᠠᠭ᠍ᠰᠠᠳ ᠲᠦ᠍ ᠦᠨᠳᠦᠰᠦᠲᠡᠨ ᠤ᠋ ᠬᠦᠭ᠌ᠵᠢᠮᠳᠡᠬᠦᠷ ᠤ᠋ᠨ ᠦᠪᠡᠳᠡᠭ᠌ᠰᠢ ᠨᠠᠢᠷ ᠢ᠋ ᠰᠣᠨᠢᠷᠬᠠᠭᠣᠯᠵᠠᠢ᠃ ᠠᠬᠤᠶ ᠲᠠᠯᠠᠪᠠᠶ ᠳ᠋ᠤ ᠳᠥᠷᠪᠡᠨ ᠤᠲᠠᠰᠤᠲᠤ ᠬᠤᠭᠤᠷ᠂ ᠮᠣᠷᠢᠨ ᠬᠤᠭᠤᠷ᠂ ᠬᠤᠯᠤᠰᠤᠨ ᠯᠢᠮᠪᠦ᠌ ᠵᠡᠷᠭᠡ ᠣᠯᠠᠨ ᠵᠦᠶ᠋ᠯ ᠤ᠋ᠨ ᠬᠦᠭᠵᠢᠮ ᠤ᠋ᠨ ᠠᠶ᠎ᠠ ᠣᠷᠣᠰᠣᠨ ᠬᠠᠩᠬᠢᠨᠠᠵᠦ᠂ ᠤᠯᠠᠮᠵᠢᠯᠠᠯᠲᠤ ᠳᠠᠭᠤᠷᠢᠯᠢᠭ ᠤ᠋ᠨ ᠰᠣᠩᠭᠣᠳᠠᠭ ᠬᠥᠭ ᠠᠶᠠᠰ ᠢ᠋ ᠬᠠᠳᠠᠭᠠᠯᠠᠭ᠍ᠰᠠᠨ ᠵᠢᠡᠷ ᠪᠠᠷᠠᠬᠤ ᠥᠬᠡᠶ ᠣᠲᠣ ᠦᠶ᠎ᠡ ᠵᠢᠨ ᠬᠦᠭᠵᠢᠮ ᠨᠠᠢᠷᠠᠭᠣᠯᠭ᠎ᠠ ᠵᠢᠨ ᠪᠦᠲᠦᠭᠡᠯᠴᠢ ᠢᠯᠡᠳᠭᠡᠬᠦᠢ ᠵᠢ ᠠᠭᠣᠰᠬᠠᠵᠦ᠂ ᠤᠷᠠᠯᠢᠭ ᠤ᠋ᠨ ᠰᠣᠯᠢᠯᠴᠠᠭ᠎ᠠ ᠬᠢᠭᠡᠳ ᠰᠣᠶᠣᠯ ᠠᠭᠤᠰᠤᠯᠴᠠᠯ ᠤ᠋ᠨ ᠥᠷᠭᠡᠨ ᠠᠭᠤᠳᠠᠮ ᠲᠠᠪᠴᠠᠩ ᠢ᠋ ᠪᠣᠶ ᠪᠣᠯᠭᠠᠭ᠍ᠰᠠᠨ ᠪᠠᠢᠨ᠎ᠠ᠃

7 ᠰᠠᠷ᠎ᠠ ᠵᠢᠨ 8 ᠡᠴᠡ 15 ᠤ᠋ ᠡᠳᠦᠷ ᠪᠣᠯᠲᠠᠯ᠎ᠠ᠂ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠪᠣᠯᠤᠨ ᠬᠥᠯᠥᠨ ᠪᠣᠢᠷ ᠬᠣᠲᠠ ᠵᠢᠨ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ ᠡᠴᠡ ᠬᠠᠮᠲᠤᠷᠠᠨ ᠡᠷᠭᠢᠯᠡᠭ᠌ᠰᠡᠨ 《ᠰᠣᠶᠣᠯ ᠣᠯᠠᠮᠵᠢᠯᠠᠯ ᠢ᠋ ᠵᠠᠯᠭᠠᠮᠵᠢᠯᠠᠨ ᠱᠢᠨ᠎ᠡ ᠵᠢ ᠡᠭᠦᠳᠦᠨ ᠬᠥᠭ᠌ᠵᠢᠭᠦᠯᠬᠦ᠌》 ᠬᠥᠯᠥᠨ ᠪᠣᠢᠷ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠪᠦᠲᠦᠭᠡᠯᠴᠢ ᠦᠢᠯᠡᠳᠬᠦᠨ᠎ᠤ ᠦᠵᠡᠰᠭᠦᠯᠡᠩ ᠬᠥᠯᠥᠨ ᠪᠣᠢᠷ ᠲᠡᠸ᠋ᠬᠡ ᠵᠢᠨ ᠮᠦᠽᠧᠶ ᠳ᠋ᠤ ᠶᠠᠪᠤᠭ᠍ᠳᠠᠨ᠎ᠠ᠃ ᠦᠵᠡᠭᠦᠯᠭᠡ ᠳ᠋ᠤ 120 ᠭᠠᠷᠤᠢ ᠤᠶᠤᠳᠠᠨ ᠤ᠋ ᠵᠣᠬᠢᠶᠠᠨ ᠪᠦᠲᠦᠭᠡᠭ᠌ᠰᠡᠨ ᠺᠠᠷᠲ᠋ᠣᠨ ᠵᠢᠷᠤᠭ᠂ ᠲᠣᠭᠠᠴᠢᠯᠠᠭ᠍ᠰᠠᠨ ᠵᠠᠭᠤᠴᠢᠯᠠᠭᠤᠷ ᠤᠷᠠᠯᠢᠭ᠂ ᠱᠣᠭ ᠵᠢᠷᠤᠭ ᠵᠡᠷᠭᠡ ᠪᠦᠲᠦᠭᠡᠯ ᠢ᠋ ᠲᠡᠯᠭᠡᠨ ᠦᠵᠡᠬᠦᠯᠵᠦ᠂ 《ᠬᠥᠯᠥᠨ ᠪᠤᠢ᠌ᠷ ᠤ᠋ᠨ ᠲᠠᠯ᠎ᠠ ᠨᠤᠲᠤᠭ》 ᠭᠡᠬᠦ ᠰᠣᠶᠣᠯ ᠤ᠋ᠨ ᠲᠦᠷᠦᠯ ᠲᠡᠮᠳᠡᠭ ᠤ᠋ᠨ ᠠᠭᠤᠯᠤᠭ᠍ᠳᠠᠬᠤᠨ ᠪᠣᠯᠤᠨ ᠱᠢᠨ᠎ᠡ ᠵᠠᠭᠤᠴᠢᠯᠠᠭᠤᠷ ᠤ᠋ᠨ ᠤᠷᠠᠯᠢᠭ ᠤ᠋ᠨ ᠠᠷᠭ᠎ᠠ ᠪᠠᠷᠢᠯ ᠢ᠋ ᠬᠠᠷᠢᠯᠴᠠᠨ ᠠᠭᠤᠰᠤᠯᠴᠠᠭᠤᠯᠵᠤ᠂ ᠲᠣᠭᠠᠴᠢᠯᠠᠭ᠍ᠰᠠᠨ ᠮᠡᠷᠭᠡᠵᠢᠯ ᠶ᠋ᠢᠡᠷ ᠲᠠᠯ᠎ᠠ ᠨᠤᠲᠤᠭ ᠤ᠋ᠨ ᠠᠮᠢ ᠠᠬᠤᠢ ᠪᠣᠯᠤᠨ ᠣᠷᠣᠨ ᠨᠣᠲᠣᠬ ᠤ᠋ᠨ ᠰᠣᠶᠣᠯ ᠶ᠋ᠢᠡᠨ ᠣᠬᠠᠭᠣᠯᠣᠨ ᠲᠠᠨᠢᠯᠴᠠᠭᠣᠯᠪᠠ᠃ ᠲᠡᠬᠡᠳᠤ ᠰᠤᠷᠭᠠᠭᠤᠯᠢ ᠬᠢᠭᠡᠳ ᠣᠷᠣᠨ ᠨᠤᠲᠤᠭ ᠤ᠋ᠨ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠬᠦ ᠴᠢᠬᠤᠯᠠ ᠦᠷ᠎ᠡ ᠪᠦᠲᠦᠭᠡᠯ ᠪᠣᠯᠤᠭ᠍ᠰᠠᠨ ᠤ᠋ ᠬᠤᠪᠢ ᠳ᠋ᠤ᠂ ᠲᠣᠰ ᠤᠳᠠᠭ᠎ᠠ ᠵᠢᠨ ᠦᠵᠡᠭᠦᠯᠭᠡ ᠨᠢ ᠰᠤᠨᠢᠷᠬᠠᠯᠲᠢ ᠰᠠᠢᠬᠠᠨ ᠦᠪᠡᠳᠡᠭ᠌ᠰᠢ ᠨᠠᠢᠷ ᠪᠣᠯᠣᠭᠰᠠᠨ ᠮᠥᠷᠲᠡᠭᠡᠨ ᠨᠢᠭᠡ ᠤᠳᠠᠭ᠎ᠠ ᠵᠢᠨ ᠰᠣᠶᠣᠯ ᠤ᠋ᠨ ᠶᠠᠷᠢᠯᠴᠠᠭ᠎ᠠ ᠪᠠᠢᠵᠦ᠂ ᠤᠶᠤᠳᠠᠳ ᠣᠷᠣᠨ ᠨᠤᠲᠤᠭ ᠤ᠋ᠨ ᠰᠣᠶᠣᠯ ᠤ᠋ᠨ ᠦᠩᠬᠡᠲᠤ ᠬᠥᠷᠥᠰᠥᠨ ᠳ᠋ᠤ ᠰᠠᠭᠣᠷᠢᠯᠠᠨ ᠲᠠᠯ᠎ᠠ ᠨᠤᠲᠤᠭ ᠤ᠋ᠨ ᠦᠩᠭᠡ ᠦᠵᠡᠮᠵᠢ᠂ ᠦᠣᠬᠡ ᠲᠡᠦᠬᠡ ᠵᠢᠨ ᠣᠯᠪᠠᠭ᠎ᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠣᠷ᠎ᠠ ᠮᠡᠷᠭᠡᠵᠢᠯ᠂ ᠦᠨᠳᠦᠰᠦᠲᠡᠨ ᠤ᠋ ᠤᠷᠠᠯᠢᠭ ᠵᠡᠷᠭᠡ ᠵᠢ ᠲᠣᠭᠠᠴᠢᠯᠠᠭ᠍ᠰᠠᠨ ᠤᠷᠠᠯᠢᠭ ᠪᠣᠯᠭᠠᠨ ᠣᠯᠠᠷᠢᠭᠣᠯᠵᠦ᠂ ᠱᠢᠨ᠎ᠡ ᠵᠢ ᠡᠭᠦᠳᠬᠦ᠌ ᠬᠦᠴᠦᠨ ᠵᠢᠡᠷ ᠰᠣᠶᠣᠯ ᠣᠯᠠᠮᠵᠢᠯᠠᠯ ᠳ᠋ᠦ ᠰᠢᠨ᠎ᠡ ᠠᠮᠢᠯᠠᠯ ᠣᠯᠭᠣᠵᠦ᠂ ᠲᠠᠯ᠎ᠠ ᠨᠤᠲᠤᠭ ᠤ᠋ᠨ ᠦᠯᠢᠭᠡᠷ ᠢ᠋ ᠲᠣᠭᠠᠴᠢᠯᠠᠭ᠍ᠰᠠᠨ ᠴᠠᠭ ᠦᠶ᠎ᠡ ᠳ᠋ᠤ ᠦᠷᠬᠦᠯᠵᠢᠯᠡᠨ ᠬᠦᠣᠷᠨᠢᠬᠦ ᠪᠣᠯᠣᠨ᠎ᠠ᠃

7 ᠰᠠᠷ᠎ᠠ ᠵᠢᠨ 8 ᠡᠴᠡ 9 ᠤ᠋ ᠡᠳᠦᠷ ᠪᠣᠯᠲᠠᠯ᠎ᠠ᠂ ᠬᠢᠩᠭᠠᠨ ᠠᠢᠮᠠᠭ ᠤ᠋ᠨ ᠰᠣᠶᠣᠯ ᠤ᠋ᠨ ᠲᠥᠪ ᠤ᠋ᠨ ᠳᠠᠭᠤᠤ ᠬᠥᠭ᠌ᠵᠢᠮ ᠤ᠋ᠨ ᠲᠢᠩᠬᠢᠮ ᠳ᠋ᠤ ᠠᠶ᠎ᠠ ᠲᠠᠭᠣᠣ ᠣᠶᠠᠩᠭᠠᠷᠠᠨ ᠬᠠᠩᠬᠢᠨᠠᠵᠦ᠂ ᠦᠨᠳᠦᠰᠦᠲᠡᠨ ᠤ᠋ ᠳᠠᠭᠤᠤ ᠬᠥᠭ᠌ᠵᠢᠮ ᠤ᠋ᠨ ᠦᠳᠡᠱᠢᠯᠡᠭᠡ ᠦᠵᠡᠭᠴᠢ ᠣᠯᠠᠨ ᠤ᠋ ᠪᠠᠬ᠎ᠠ ᠵᠢ ᠲᠠᠲᠠᠨ᠎ᠠ᠃ ᠲᠠᠭᠣᠣ ᠬᠦᠭᠵᠢᠮ ᠤ᠋ᠨ ᠦᠲᠡᠰᠢᠯᠡᠭᠡ ᠳ᠋ᠦ ᠭᠣᠨᠢᠬᠲᠣ ᠬᠦᠭ ᠠᠶᠠᠰ ᠴᠢᠪᠬᠠᠲᠠᠬᠰᠠᠨ ᠡᠾᠸᠪᠸᠢ ᠵᠢᠨ ᠲᠣᠪᠰᠢᠭᠣᠷ ᠵᠦᠴᠦᠭᠡ ᠪᠠᠬᠲᠠᠭᠰᠠᠨ ᠮᠦᠷᠲᠡᠭᠡᠨ ᠪᠠᠰᠠ ᠲᠣᠩᠭᠠᠯᠠᠬ ᠰᠠᠷᠠᠨ ᠮᠡᠲᠦ ᠴᠡᠭᠡᠯᠬᠡᠨ ᠪᠠᠬᠴᠠ ᠪᠢᠰᠬᠢᠬᠦᠷ ᠢ᠋ ᠪᠠᠬᠲᠠᠭᠠᠵᠦ᠂ ᠦᠵᠡᠭ᠌ᠴᠢᠳ ᠲᠦ᠍ ᠦᠪᠡᠷᠮᠢᠴᠡ ᠭᠣᠴᠣ ᠤᠷᠠᠯᠢᠭ ᠤ᠋ᠨ ᠬᠦᠷᠲᠡᠭᠡᠯ ᠣᠯᠭᠣᠬᠰᠠᠨ ᠪᠠᠢᠨ᠎ᠠ᠃ 7 — 9 ᠰᠠᠷ᠎ᠠ ᠳ᠋ᠤ᠂ ᠬᠢᠩᠭᠠᠨ ᠠᠢᠮᠠᠭ 2025 ᠣᠨ ᠤ᠋ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠤ᠋ᠨ ᠱᠢᠷᠢᠰ ᠠᠵᠢᠯᠯᠠᠭ᠎ᠠ ᠵᠢ ᠦᠷᠨᠢᠬᠦᠯᠬᠦ ᠪᠤᠯᠤᠨ᠎ᠠ᠃ ᠲᠣᠰ ᠤᠳᠠᠭ᠎ᠠ ᠵᠢᠨ ᠦᠨᠳᠦᠰᠦᠲᠡᠨ ᠤ᠋ ᠳᠠᠭᠣᠣ ᠬᠥᠭ᠌ᠵᠢᠮ ᠤ᠋ᠨ ᠦᠳᠡᠱᠢᠯᠡᠭᠡ ᠨᠢ ᠱᠢᠷᠢᠰ ᠠᠵᠢᠯᠯᠠᠭ᠎ᠠ ᠵᠢᠨ ᠣᠨᠴᠠ ᠤᠷᠢᠭ᠍ᠰᠠᠨ ᠦᠵᠡᠭᠦᠯᠭᠡ ᠵᠢᠨ ᠲᠣᠭ᠍ᠯᠠᠯᠲᠠ ᠵᠢᠨ ᠨᠢᠭᠡ ᠠᠭᠣᠯᠭ᠎ᠠ ᠪᠣᠯᠤᠭ᠍ᠰᠠᠨ ᠤ᠋ ᠬᠤᠪᠢ ᠳ᠋ᠤ ᠪᠥᠬᠥ᠌ ᠤᠯᠤᠰ ᠤ᠋ᠨ ᠡᠯ᠎ᠡ ᠶᠡᠬᠡ ᠦᠨᠳᠦᠰᠦᠲᠡᠨ ᠤ᠋ ᠬᠥᠭ᠌ᠵᠢᠮ ᠤ᠋ᠨ ᠪᠦᠯᠬᠦᠮ ᠲᠡᠶ ᠬᠣᠯᠪᠣᠭᠠᠯᠠᠵᠦ᠂ ᠭᠠᠵᠠᠷ ᠣᠷᠣᠨ ᠤ᠋ ᠲᠥᠯᠥᠭᠡᠯᠡᠬᠦ᠌ ᠴᠢᠨᠠᠷᠲᠠᠶ ᠬᠥᠭ᠌ᠵᠢᠮ ᠪᠠ ᠲᠣᠬᠯᠠᠯᠲᠠ ᠲᠠᠢ ᠬᠠᠮᠵᠢᠯᠴᠠᠨ᠂ ᠣᠶᠠᠩᠭᠠᠲᠣ ᠢᠷᠠᠭᠣ ᠬᠥᠭ᠌ᠵᠢᠮ ᠢ᠋ ᠣᠯᠠᠨ ᠲᠦᠮᠡᠨ ᠤ᠋ ᠲᠣᠮᠲᠠ ᠬᠦᠷᠭᠡᠭ᠌ᠦ ᠪᠣᠯᠣᠨ᠎ᠠ᠃

7 ᠰᠠᠷ᠎ᠠ ᠵᠢᠨ 3 ᠡᠴᠡ 7 ᠤ᠋ ᠡᠳᠦᠷ ᠪᠣᠯᠲᠠᠯ᠎ᠠ᠂ 《 ᠬᠠᠲᠤᠨ ᠭᠣᠸ᠋ᠯ ᠤ᠋ᠨ ᠰᠢᠲᠢᠲᠦ ᠷᠠᠰᠢᠶᠠᠨ ᠤᠮᠠᠷᠠᠲᠤ ᠬᠢᠯᠢ ᠵᠢ ᠣᠮᠲᠠᠯᠠᠨᠠᠮ 》 ᠭᠡᠬᠦ ᠭᠣᠸ᠋ᠯ ᠰᠡᠳᠦᠪᠲᠦ 2025 ᠣᠨ ᠤ᠋ ᠣᠷᠳᠣᠰ ᠤ᠋ᠨ ᠰᠣᠶᠣᠯ ᠤ᠋ᠨ ᠪᠦᠲᠦᠭᠡᠯᠴᠢ ᠠᠵᠤ ᠦᠶ᠋ᠯᠡᠰ ᠤ᠋ᠨ ᠲᠥᠷᠥᠯ ᠲᠡᠮᠳᠡᠭ᠌ ᠤ᠋ᠨ ᠪᠠᠢᠭᠤᠯᠤᠯᠲᠠ ᠵᠢ ᠤᠬᠠᠭᠤᠯᠤᠨ ᠳᠡᠯᠭᠡᠷᠡᠭᠦᠯᠬᠦ᠌ ᠭᠠᠷᠠᠬ ᠤ᠋ᠨ ᠠᠵᠢᠯᠯᠠᠭ᠎ᠠ ᠣᠷᠳᠣᠰ ᠤ᠋ᠨ ᠣᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠶᠠᠪᠤᠬᠲᠠᠪᠠ᠃ ᠠᠵᠢᠯᠯᠠᠭ᠎ᠠ ᠳ᠋ᠤ ᠰᠣᠶᠣᠯ ᠤ᠋ᠨ ᠭᠣᠣᠯ ᠰᠡᠳᠦᠪᠲᠦ ᠲᠠᠨᠢᠯᠴᠠᠭᠤᠯᠭ᠎ᠠ ᠵᠢᠨ ᠲᠣᠭᠣᠷᠢᠭ᠂ ᠡᠯ᠎ᠡ ᠬᠣᠱᠢᠭᠤ ᠲᠣᠭᠣᠷᠢᠭ ᠤ᠋ᠨ ᠰᠣᠶᠣᠯ ᠤ᠋ᠨ ᠦᠵᠡᠭᠦᠯᠭᠡ ᠵᠢᠨ ᠲᠣᠭᠣᠷᠢᠭ᠂ ᠲᠣᠭᠠᠴᠢᠯᠠᠭ᠍ᠰᠠᠨ ᠰᠣᠶᠣᠯ ᠢ᠋ ᠪᠡᠶᠡᠴᠢᠯᠡᠨ ᠣᠢᠯᠠᠭᠠᠬᠤ ᠲᠣᠭᠣᠷᠢᠭ ᠵᠢᠴᠢ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠣᠸᠠᠩᠳᠦᠢ᠍ᠩ ᠱᠢᠶᠠᠩᠭᠠᠩ ᠣᠣᠮᠧᠨ ᠤ᠋ ᠰᠣᠶᠣᠯ ᠤ᠋ᠨ ᠰᠣᠯᠢᠯᠴᠠᠭᠠᠨ ᠤ᠋ ᠲᠣᠭᠣᠷᠢᠭ ᠵᠡᠷᠭᠡ ᠤᠨᠴᠠᠯᠢᠬ᠍ᠳᠤ ᠦᠵᠡᠭᠦᠯᠭᠡ ᠵᠢᠨ ᠲᠣᠭᠣᠷᠢᠭ ᠲᠤᠬᠢᠷᠠᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠵᠢᠨ 100 ᠭᠠᠷᠤᠢ ᠱᠢᠯᠢᠳᠡᠭ ᠠᠵᠤ ᠠᠬᠤᠢᠯᠠᠯ ᠦᠵᠡᠰᠭᠦᠯᠡᠩ ᠳ᠋ᠤ ᠣᠷᠣᠯᠴᠠᠵᠠᠢ᠃ ᠠᠬᠣᠢ ᠲᠠᠯᠠᠪᠠᠢ ᠳ᠋ᠤ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠷ᠎ᠠ ᠮᠡᠷᠭᠡᠵᠢᠯ ᠤ᠋ᠨ ᠦᠵᠡᠭᠦᠯᠭᠡ ᠵᠢᠨ ᠲᠣᠭ᠍ᠯᠠᠯᠲᠠ᠂ ᠤᠷᠠᠨ ᠰᠠᠢᠬᠠᠨ ᠤ᠋ ᠲᠣᠭ᠍ᠯᠠᠯᠲᠠ ᠵᠡᠷᠭᠡ ᠬᠤᠷᠱᠢᠯ ᠤ᠋ᠨ ᠲᠦᠷᠦᠯ ᠵᠦᠢᠯ ᠢ᠋ ᠦᠷᠨᠢᠬᠦᠯᠪᠠ᠃ ᠠᠵᠢᠯᠯᠠᠭ᠎ᠠ ᠵᠢᠨ ᠬᠤᠭᠤᠴᠠᠭᠠᠨ ᠳ᠋ᠤ ᠪᠠᠰᠠ ᠰᠣᠶᠣᠯ ᠤ᠋ᠨ ᠠᠵᠤ ᠦᠶ᠋ᠯᠡᠰ ᠤ᠋ᠨ ᠵᠢᠱ᠌ᠢᠶ᠎ᠡ ᠵᠢ ᠬᠤᠪᠢᠶᠠᠯᠴᠠᠬᠣ ᠬᠤᠷᠠᠯ᠂ ᠠᠵᠤ ᠠᠬᠤᠢᠯᠠᠯ ᠤ᠋ᠨ ᠶᠠᠷᠢᠯᠴᠠᠨ ᠰᠣᠯᠢᠯᠴᠠᠬᠤ ᠬᠤᠷᠠᠯ᠂ ᠬᠠᠲᠤᠨ ᠭᠣᠸ᠋ᠯ ᠤ᠋ᠨ ᠭᠣᠸ᠋ᠯ ᠰᠡᠳᠦᠪᠲᠦ ᠬᠡᠷᠡᠯ ᠵᠢᠷᠤᠭ ᠤ᠋ᠨ ᠦᠵᠡᠰᠭᠦᠯᠡᠩ ᠵᠢᠴᠢ ᠵᠣᠬᠢᠶᠠᠯ ᠤ᠋ᠨ ᠲᠠᠭᠣᠣ ᠬᠥᠭ᠌ᠵᠢᠮ ᠤ᠋ᠨ ᠤᠷᠤᠯᠳᠤᠭᠠᠨ ᠵᠡᠷᠭᠡ ᠱᠢᠷᠢᠰ ᠠᠵᠢᠯᠯᠠᠭ᠎ᠠ ᠡᠷᠭᠢᠯᠡᠵᠦ᠍᠂ ᠰᠣᠶᠣᠯ ᠤ᠋ᠨ ᠪᠦᠲᠦᠭᠡᠯᠴᠢ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠴᠢᠨᠠᠬᠰᠢᠲᠠ ᠠᠬᠢᠭᠣᠯᠬᠣ ᠪᠣᠯᠣᠨ᠎ᠠ᠃

《ᠡᠳᠡᠬᠡᠷ ᠲᠣᠭ᠍ᠯᠠᠯᠲᠠ ᠦᠨᠡᠬᠡᠷ ᠭᠣᠴᠣ ᠰᠠᠢᠬᠠᠨ ᠪᠣᠯᠣᠯ᠎ᠠ᠂ ᠣᠷᠢᠳ ᠤ᠋ᠨ ᠲᠠᠨᠢᠯ ᠲᠠᠰᠣᠯ ᠪᠣᠯᠣᠬᠰᠠᠨ ᠪᠣᠷᠣᠲᠣᠬᠣᠢ ᠵᠢᠨ ᠡᠯᠧᠮᠧᠨ᠋ᠲ ᠪᠠᠢᠬᠤ ᠪᠠᠷ ᠪᠠᠷᠠᠬᠤ ᠦᠬᠡᠢ ᠪᠠᠰᠠ ᠡᠯ᠎ᠡ ᠦᠨᠳᠦᠰᠦᠲᠡᠨ ᠤ᠋ ᠰᠣᠶᠣᠯ ᠤ᠋ᠨ ᠠᠭᠤᠰᠤᠯᠴᠠᠯ ᠢ᠋ ᠢᠯᠡᠷᠡᠬᠦᠯᠵᠦ ᠪᠤᠢ᠃ ᠡᠨᠡ ᠪᠣᠯ ᠤᠮᠠᠷᠠᠲᠤ ᠬᠢᠯᠢ ᠵᠢᠨ ᠰᠣᠶᠣᠯ ᠤ᠋ᠨ ᠦᠩᠭᠡ ᠪᠠᠲᠠᠷᠠᠬᠰᠠᠨ ᠦᠪᠡᠷᠮᠢᠴᠡ ᠣᠨᠴᠠᠯᠢᠬ ᠪᠣᠯᠣᠨ᠎ᠠ!》 ᠭᠡᠵᠦ᠍ ᠬᠣᠲᠠ ᠵᠢᠨ ᠠᠷᠠᠳ ᠵᠠᠩ ᠯᠦ᠍ ᠰᠡᠳᠭᠢᠯ ᠲᠣᠬᠲᠣᠯᠣᠨ ᠶᠠᠷᠢᠨ᠎ᠠ᠃ 7 ᠰᠠᠷ᠎ᠠ ᠵᠢᠨ 10 ᠤ᠋ ᠡᠳᠦᠷ᠂ ᠬᠠᠲᠤᠨ ᠭᠣᠣᠯ ᠤ᠋ᠨ ᠶᠡᠭᠡ ᠲᠤᠬᠤᠢ ᠵᠢᠨ ᠶᠠᠪᠠᠭᠠᠨ ᠵᠡᠭᠡᠯᠢ ᠦᠳᠡᠰᠢ ᠵᠢᠨ ᠲᠣᠶᠠᠭᠠᠨ ᠳ᠋ᠦ ᠰᠢᠵᠢᠷᠲᠣᠵᠦ᠂ ᠨᠠᠭᠠᠰᠢ ᠴᠠᠭᠠᠰᠢ ᠵᠣᠷᠴᠢᠬᠣ ᠬᠦᠮᠦᠨ ᠣᠯᠠᠨ᠃ ᠪᠠᠶᠠᠨᠨᠠᠭᠤᠷ ᠬᠣᠲᠠ ᠵᠢᠨ ᠯᠢᠨ ᠾᠸ ᠲᠣᠭᠣᠷᠢᠭ ᠤ᠋ᠨ 26 ᠳ᠋ᠤᠭᠠᠷ ᠬᠤᠭᠤᠴᠠᠭᠠᠨ ᠤ᠋ ᠵᠤᠨ ᠤ᠋ ᠠᠮᠠᠷᠠᠯᠲᠠ ᠵᠢᠨ ᠰᠣᠶᠣᠯ ᠤᠷᠠᠯᠢᠭ ᠤ᠋ᠨ ᠨᠠᠢᠷ ᠡᠨᠲᠡ ᠬᠥᠭ᠌ᠵᠢᠶᠡᠨ ᠲᠡᠶ ᠶᠠᠪᠤᠭ᠍ᠳᠠᠪᠠ᠃ ᠯᠢᠨ ᠾᠧ ᠲᠣᠭᠣᠷᠢᠭ ᠤ᠋ᠨ ᠵᠣᠨ ᠤ᠋ ᠤᠯᠠᠷᠢᠯ ᠤ᠋ᠨ ᠬᠠᠮᠤᠭ ᠤ᠋ᠨ ᠬᠦᠷᠢᠶᠡᠯᠡᠯ ᠲᠡᠶ ᠰᠣᠶᠣᠯ ᠤ᠋ᠨ ᠦᠪᠡᠳᠡᠭ᠌ᠰᠢ ᠠᠵᠢᠯᠯᠠᠭ᠎ᠠ ᠪᠣᠯᠤᠭ᠍ᠰᠠᠨ ᠤ᠋ ᠬᠤᠪᠢ ᠳ᠋ᠤ᠂ ᠲᠣᠰ ᠬᠣᠭᠣᠴᠠᠭᠠᠨ ᠤ᠋ ᠰᠣᠶᠣᠯ ᠤᠷᠠᠯᠢᠭ ᠤ᠋ᠨ ᠱᠢᠷᠢᠰ ᠠᠵᠢᠯᠯᠠᠭ᠎ᠠ ᠨᠢ 7 ᠰᠠᠷ᠎ᠠ ᠵᠢᠨ 21 ᠤ᠋ ᠡᠳᠦᠷ ᠪᠣᠯᠲᠠᠯ᠎ᠠ ᠦᠷᠭᠦᠯᠵᠢᠯᠡᠨ᠎ᠠ᠃ ᠡᠨᠡ ᠬᠤᠭᠤᠷᠣᠨᠲᠣ 17 ᠲᠠᠯᠠᠪᠠᠢ ᠲᠤᠮᠤ ᠬᠡᠯᠪᠡᠷᠢ ᠵᠢᠨ ᠤᠷᠠᠨ ᠰᠠᠢᠬᠠᠨ ᠤ᠋ ᠲᠣᠰᠬᠠᠢ ᠦᠳᠡᠱᠢᠯᠡᠭᠡ᠂ 2 ᠲᠠᠯᠠᠪᠠᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠬᠦᠯᠭᠡ ᠵᠢ ᠪᠡᠶᠡᠴᠢᠯᠡᠨ ᠣᠢᠯᠠᠭᠠᠬᠤ ᠠᠵᠢᠯᠯᠠᠭ᠎ᠠ ᠡᠷᠬᠢᠯᠡᠵᠦ᠍᠂ ᠬᠤᠳᠠ ᠵᠢᠨ ᠠᠷᠠᠳ ᠲᠦ᠍ ᠤᠯᠠᠮᠵᠢᠯᠠᠯ ᠪᠣᠯᠣᠨ ᠣᠲᠣᠬᠢᠴᠢ ᠵᠢ ᠠᠭᠤᠰᠤᠯᠴᠠᠭᠤᠯᠤᠭ᠍ᠰᠠᠨ ᠤᠮᠠᠷᠠᠲᠤ ᠬᠢᠯᠢ ᠵᠢᠨ ᠰᠣᠶᠣᠯ ᠤ᠋ᠨ ᠦᠪᠡᠲᠡᠭᠰᠢ ᠨᠠᠢᠷ ᠢ᠋ ᠰᠣᠨᠢᠷᠬᠠᠭᠣᠯᠬᠣ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面