ᠰᠣᠶᠣᠯ ᠤᠷᠠᠯᠢᠭ > ᠠᠶᠠᠯᠭᠤᠲᠤ ᠵᠢᠭᠤᠯᠴᠢᠯᠠᠯ ᠦᠪᠦᠷ ᠮᠤᠩᠭᠣᠯ

2025-08-26 16:26:20

ᠵᠣᠬᠢᠶᠠᠭ᠍ᠴᠢ᠄ ᠸᠠᠩ ᠢᠦᠢ ᠯᠦᠩ ᠂ ᠰᠦᠨ ᠯᠢ ᠶᠢᠩ ᠂ ᠰᠠᠨᠰᠠᠷ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 19 ᠡᠴᠡ 25᠎ᠤ ᠡᠳᠦᠷ ᠪᠣᠯᠲᠠᠯ᠎ᠠ᠂ 《ᠠᠶᠠᠯᠭᠤᠲᠤ ᠵᠢᠭᠤᠯᠴᠢᠯᠠᠯᠥᠪᠥᠷ ᠮᠣᠩᠭᠣᠯ·ᠪᠠᠶᠠᠷ ᠪᠠᠬᠠᠷᠬᠠᠯᠳᠤ ᠬᠥᠯᠥᠨ ᠪᠤᠢᠷ》 — ᠰᠢᠨ᠎ᠡ ᠪᠠᠷᠭᠤ ᠪᠠᠷᠠᠭᠤᠨ ᠬᠣᠰᠢᠭᠤᠨ᠎ᠤ ᠦᠬᠡᠷᠲᠦ ᠬᠦᠢᠲᠡᠨ᠎ᠦ ᠥᠯᠥᠭᠡᠢ ᠠᠷᠠᠳ ᠤ᠋ᠨᠳᠠᠭᠤᠤ᠎ᠶᠢᠨ ᠨᠠᠢᠷ ᠵᠢᠴᠢ ᠭᠤᠷᠪᠠᠳᠤᠭᠠᠷ ᠬᠤᠭᠤᠴᠠᠭᠠᠨ᠎ᠤ 《ᠨᠠᠭᠠᠳᠤᠮ·ᠬᠥᠳᠡᠭᠡ ᠲᠣᠰᠬᠣᠨ᠎ᠤ ᠨᠠᠢᠷ》 ᠨᠢᠵᠢᠭᠢᠷ ᠶᠠᠪᠤᠭᠳᠠᠪᠠ᠃



ᠲᠣᠰ ᠬᠤᠭᠤᠴᠠᠭᠠᠨ᠎ᠤ ᠨᠠᠢᠷ᠎ᠤᠨ ᠡᠬᠢᠯᠡᠯᠲᠡ ᠵᠢᠨ ᠶᠣᠰᠣᠯᠠᠯᠨᠢ ᠭᠣᠣᠯ ᠰᠡᠳᠦᠪᠲᠦ ᠵᠢᠭ᠍ᠰᠠᠭᠠᠯ᠎ᠤᠨ ᠲᠣᠭᠣᠷᠢᠨ ᠲᠣᠭᠯᠠᠯᠲᠠ ᠪᠠ ᠦᠵᠡᠭᠳᠡᠯᠲᠦ ᠬᠡᠯᠪᠡᠷᠢ᠎ᠶᠢ ᠠᠭᠤᠰᠤᠯᠴᠠᠭᠤᠯᠬᠤᠮᠠᠶᠢᠭ᠋ ᠵᠢᠡᠷ ᠶᠠᠪᠤᠭᠳᠠᠵᠤ᠂ ᠦᠨᠳᠦᠰᠦᠲᠡᠨ ᠨᠤᠭᠦᠳ᠎ᠤᠨ ᠡᠯ᠎ᠡ ᠡᠲᠡᠭᠡᠳ᠎ᠦᠨ ᠲᠥᠯᠥᠭᠡᠯᠡᠭᠴᠢᠳ᠎ᠦᠨ ᠵᠢᠭ᠍ᠰᠠᠭᠠᠯ᠎ᠤᠨᠡᠩᠨᠡᠭᠡ ᠰᠢᠨ᠎ᠡ ᠴᠠᠭ ᠦᠶ᠎ᠡ᠎ᠶᠢᠨ ᠡᠷᠡᠯᠬᠡᠭᠯᠡᠨ ᠲᠡᠮᠡᠴᠡᠭᠰᠡᠳ᠎ᠦᠨ ᠳᠦᠷᠢ ᠲᠥᠷᠬᠦ ᠶ᠋ᠢ ᠴᠢᠳᠠᠨ ᠢᠯᠡᠷᠡᠭᠦᠯᠪᠡ᠃ ᠮᠣᠷᠢᠨ ᠤᠷᠤᠯᠳᠤᠭᠠᠨ᠂ ᠮᠣᠩᠭᠣᠯᠪᠦᠬᠡ᠂ ᠲᠡᠮᠡᠭᠡᠨ ᠤᠷᠤᠯᠳᠤᠭᠠᠨ᠂ ᠮᠣᠩᠭᠣᠯ ᠰᠢᠲᠠᠷ᠎ᠠ᠂ ᠰᠤᠷ ᠬᠠᠷᠪᠤᠯᠲᠠ᠂ ᠪᠠᠷᠭᠠᠶ ᠵᠡᠷᠭᠡ ᠵᠢᠨ ᠤᠯᠠᠮᠵᠢᠯᠠᠯᠲᠤᠪᠡᠶ᠎ᠡ᠎ᠶᠢᠨ ᠲᠠᠮᠢᠷ᠎ᠤᠨ ᠤᠷᠤᠯᠳᠤᠭᠠᠨ ᠨᠢ ᠦᠨᠳᠦᠰᠦᠲᠡᠨ᠎ᠤ ᠰᠣᠶᠣᠯ᠎ᠤᠨ ᠷᠢᠳᠢ ᠰᠢᠳᠢ ᠶ᠋ᠢ ᠭᠠᠢᠬᠠᠭᠤᠯᠵᠤ᠂ 《ᠤᠮᠠᠷᠠᠲᠤ ᠬᠢᠯᠢ ᠵᠢᠨᠳᠠᠭᠤᠯᠠᠯ·ᠦᠬᠡᠷᠲᠦ ᠬᠦᠢᠲᠡᠨ᠎ᠦ ᠥᠯᠥᠭᠡᠢ》 ᠠᠷᠠᠳ᠎ᠤᠨ ᠳᠠᠭᠤᠤ᠎ᠶᠢᠨ ᠨᠠᠢᠷ᠎ᠤᠨᠣᠳᠣᠨ ᠲᠣᠭᠯᠠᠭ᠍ᠴᠢᠳ᠎ᠤᠨ ᠳᠠᠭᠤᠤ᠎ᠶᠢᠨ ᠦᠳᠡᠰᠢᠯᠡᠭᠡ ᠨᠢ ᠠᠷᠠᠳ᠎ᠤᠨ ᠳᠠᠭᠤᠤ ᠪᠡᠷ ᠠᠴᠢᠶᠠᠯᠠᠪᠤᠷᠢ ᠪᠤᠯᠭᠠᠵᠤ᠂ᠦᠨᠳᠦᠰᠦᠲᠡᠨ᠎ᠨᠦᠭᠦᠳ᠎ᠦᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠰᠠᠢᠨ ᠰᠠᠢᠬᠠᠨ ᠵᠢᠷᠤᠭ ᠲᠥᠰᠥᠪ᠎ᠢᠢᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠪᠠ᠃


QQ截图20250224163936.png


QQ截图20250731161406.png


QQ截图20250825102216.png


QQ截图20250825102238.png


QQ截图20250825102252.png


QQ截图20250825102305.png


ᠣᠢᠯᠠᠭᠠᠭᠰᠠᠨ ᠵᠢᠡᠷ᠂ 2023 ᠣᠨ᠎ᠳᠤ ᠰᠢᠨ᠎ᠡ ᠪᠠᠷᠭᠤᠪᠠᠷᠠᠭᠤᠨ ᠬᠣᠰᠢᠭᠤ 《ᠳᠥᠷᠪᠡᠨ ᠤᠯᠠᠷᠢᠯ᠎ᠤᠨ ᠬᠥᠳᠡᠭᠡ ᠲᠣᠰᠬᠣᠨ᠎ᠤ ᠨᠠᠢᠷ》᠎ᠤᠨ ᠵᠣᠨ᠎ᠤ ᠤᠯᠠᠷᠢᠯ᠎ᠤᠨ ᠵᠢᠱ᠌ᠢᠶ᠎ᠡ ᠦᠵᠡᠭᠦᠯᠬᠦ ᠦᠵᠡᠭᠦᠯᠭᠡ᠎ᠶᠢᠨ ᠴᠡᠭ ᠪᠣᠯᠵᠤ᠂ 《ᠰᠣᠶᠣᠯ᠎ᠤᠨ ᠠᠵᠢᠯᠯᠠᠭ᠎ᠠ + ᠵᠢᠭᠤᠯᠴᠢᠯᠠᠯ》᠂ 《ᠰᠣᠶᠣᠯ᠎ᠤᠨ ᠲᠣᠭᠯᠠᠯᠲᠠ + ᠵᠢᠭᠤᠯᠴᠢᠯᠠᠯ》 ᠵᠡᠷᠭᠡᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠦᠬᠡᠷᠲᠦ ᠬᠦᠢᠲᠡᠨ᠎ᠦ ᠥᠯᠥᠭᠡᠢ ᠠᠷᠠᠳ᠎ᠤᠨ ᠨᠠᠭᠠᠳᠤᠮ ᠵᠢᠴᠢ ᠪᠥᠬᠥᠤᠯᠤᠰ᠎ᠤᠨ ᠬᠥᠳᠡᠭᠡ ᠲᠣᠰᠬᠣᠨ᠎ᠤ ᠨᠠᠢᠷ᠎ᠤᠨ ᠵᠠᠭᠤᠨ ᠰᠢᠶᠠᠨ᠎ᠤ ᠬᠣᠯᠪᠣᠭᠠᠲᠤ ᠠᠵᠢᠯᠯᠠᠭ᠎ᠠ ᠵᠢᠨ ᠡᠬᠢᠯᠡᠯᠲᠡ᠎ᠶᠢᠨᠶᠣᠰᠣᠯᠠᠯ᠎ᠢ ᠳᠠᠭᠠᠭᠠᠴᠢᠯᠠᠨ ᠡᠷᠭᠢᠯᠡᠪᠡ᠃ 2024 ᠣᠨ᠎ᠳᠤ ᠰᠢᠨ᠎ᠡ ᠪᠠᠷᠭᠤ ᠪᠠᠷᠠᠭᠤᠨ ᠬᠣᠰᠢᠭᠤ 《ᠨᠠᠭᠠᠳᠤᠮ·ᠬᠥᠳᠡᠭᠡᠲᠣᠰᠬᠣᠨ᠎ᠤ ᠨᠠᠢᠷ》᠎ᠤᠨ ᠲᠥᠷᠥᠯ ᠲᠡᠮᠳᠡᠭ᠎ᠦᠨ ᠨᠥᠯᠥᠭᠡᠯᠡᠬᠦ ᠬᠦᠴᠦᠨ᠎ᠢᠶᠡᠨᠦᠷᠭᠦᠯᠵᠢᠯᠡᠨ ᠥᠷᠭᠡᠳᠬᠡᠵᠦ᠂ ᠵᠤᠨ ᠡᠪᠦᠯ ᠬᠣᠶᠠᠷ ᠤᠯᠠᠷᠢᠯ᠎ᠤᠨ 《ᠨᠠᠭᠠᠳᠤᠮ·ᠬᠥᠳᠡᠭᠡᠲᠣᠰᠬᠣᠨ᠎ᠤ ᠨᠠᠢᠷ》᠎ᠢ ᠡᠷᠭᠢᠯᠡᠵᠦ᠂ ᠰᠣᠶᠣᠯ᠎ᠤᠨ ᠠᠭᠤᠯᠤᠭᠳᠠᠬᠤᠨ᠂ ᠰᠣᠶᠣᠯ᠎ᠤᠨᠥᠷᠲᠡᠭ᠎ᠢ ᠵᠢᠭᠤᠯᠴᠢᠯᠠᠯ ᠤ᠋ᠨ ᠠᠵᠤ ᠦᠢᠯᠡᠰ᠎ᠦᠨ ᠬᠡᠯᠬᠢᠶ᠎ᠡ᠎ᠶᠢᠨᠡᠯ᠎ᠡ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠪᠥᠬᠥᠲᠠᠯ᠎ᠠ᠎ᠪᠠᠷ ᠠᠬᠢᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠦ ᠬᠦᠴᠦᠨ ᠨᠡᠮᠡᠷᠢᠯᠡᠪᠡ᠃ ᠮᠥᠨᠵᠢᠯ᠎ᠳᠤ᠂ 《ᠨᠠᠭᠠᠳᠤᠮ·ᠬᠥᠳᠡᠭᠡ ᠲᠣᠰᠬᠣᠨ᠎ᠦ ᠨᠠᠢᠷ》 ᠨᠢ ᠳᠤᠮᠳᠠᠳᠤᠤᠯᠤᠰ᠎ᠤᠨ ᠣᠯᠠᠨ ᠲᠦᠮᠡᠨᠴᠢ ᠰᠣᠶᠣᠯ᠎ᠤᠨ ᠲᠥᠷᠥᠯ ᠲᠡᠮᠳᠡᠭ᠎ᠦᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨIP ᠲᠦᠷᠦᠯ ᠎ᠦᠨ ᠰᠢᠨ᠎ᠡ᠎ᠶᠢ ᠡᠭᠦᠳᠦᠭᠰᠡᠨᠬᠡᠷᠡᠭ᠎ᠦᠨ ᠵᠢᠱ᠌ᠢᠶ᠎ᠡ ᠪᠡᠷ ᠠᠮᠵᠢᠯᠲᠠ ᠲᠠᠢ ᠰᠣᠩᠭᠣᠭᠳᠠᠵᠠᠢ᠃


QQ截图20250825102322.png


QQ截图20250224163936.png


QQ截图20250731161406.png


QQ截图20250825102216.png


QQ截图20250825102238.png

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面