2025-08-26 16:47:25
8 ᠰᠠᠷ᠎ᠠ᠎ᠶᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠡᠴᠡ ᠵᠣᠬᠢᠶᠠᠨ ᠪᠠᠢᠭᠤᠯᠵᠤ᠂ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠰᠣᠩᠭᠣᠨ ᠲᠣᠮᠢᠯᠠᠭᠰᠠᠨ ᠥᠪᠥᠷ ᠮᠣᠩᠭᠣᠯᠤᠨᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠤᠳᠬ᠎ᠠ ᠤᠷᠠᠯᠢᠭ᠋᠎ᠤᠨ ᠪᠦᠯᠬᠦᠮ ᠢᠲ᠋ᠠᠯᠢ᠎ᠶᠢᠨ ᠪᠧᠷᠭᠠᠮᠤ᠋ ᠮᠤᠵᠢᠶᠢᠨᠪᠧᠷᠭᠠᠮᠤ᠋ ᠡᠷᠲᠡᠨ᠎ᠦ ᠬᠣᠲᠠ᠎ᠶᠢᠨ ᠲᠠᠯᠠᠪᠠᠶ Piazza Vecchia᠎ᠳᠤ ᠶᠠᠪᠤᠭᠳᠠᠭᠰᠠᠨ 41 ᠳ᠋ᠤᠭᠡᠷ ᠬᠤᠭᠤᠴᠠᠭᠠᠨ᠎ᠤ ᠣᠯᠠᠨ ᠤᠯᠤᠰᠤᠨᠵᠠᠩ ᠦᠶ᠋ᠯᠡ᠎ᠶᠢᠨ ᠰᠣᠶᠣᠯ᠎ᠤᠨ ᠨᠠᠢᠷ᠎ᠲᠤ ᠣᠷᠣᠯᠴᠠᠵᠤ᠂ ᠳᠡᠯᠡᠬᠡᠢ᠎ᠶᠢᠨ ᠡᠯ᠎ᠡ ᠭᠠᠵᠠᠷ ᠡᠴᠡ ᠢᠷᠡᠭᠰᠡᠨ ᠤᠳᠬᠠᠤᠷᠠᠯᠢᠭ᠋ᠤᠨ ᠪᠦᠯᠬᠦᠮ ᠪᠣᠯᠣᠨ ᠲᠤᠬᠠᠢ᠎ᠶᠢᠨ ᠭᠠᠵᠠᠷ᠎ᠤᠨ ᠠᠷᠠᠳ ᠣᠯᠠᠨ᠎ᠳᠤ ᠭᠣᠢᠳᠠ ᠰᠠᠢᠬᠠᠨ ᠲᠤᠭᠯᠠᠯᠲᠠ᠎ᠪᠠᠨ ᠰᠤᠨᠢᠷᠬᠠᠭᠤᠯᠤᠭᠰᠠᠨ ᠪᠠᠢᠨ᠎ᠠ᠃

ᠡᠯᠭᠦᠯᠴᠡᠭᠡ ᠬᠤᠯᠪᠤᠭ᠎ᠠ᠎ᠶᠢᠨ ᠣᠷᠣᠨᠨᠤᠲᠤᠭ᠎ᠤᠨ ᠣᠨᠴᠠᠯᠢᠭ᠍ᠲᠤ ᠳᠠᠭᠤᠷᠢᠯᠢᠭ᠋᠂ ᠤᠶᠠᠩᠭ᠎ᠠ ᠢᠷᠠᠭᠤ ᠤᠷᠳᠤ᠎ᠶᠢᠨ ᠳᠠᠭᠤᠤ᠂ ᠢᠳᠡᠯᠢᠭ ᠵᠢᠪᠬᠤᠭᠠᠲᠤ ᠮᠣᠩᠭᠣᠯᠪᠥᠵᠢᠭ᠂ ᠬᠤᠪᠢᠰ ᠪᠣᠯᠣᠨ ᠮᠣᠷᠢᠨ ᠬᠤᠭᠤᠷ᠎ᠤᠨ ᠬᠠᠪᠰᠤᠷᠤᠯ ᠬᠥᠭᠵᠢᠮ ᠵᠡᠷᠭᠡ ᠭᠣᠢᠳᠠ ᠰᠠᠢᠬᠠᠨ ᠲᠣᠭᠯᠠᠯᠲᠠ ᠨᠢᠲᠤᠬᠠᠢᠶᠢᠨ ᠲᠠᠯᠠᠪᠠᠢ᠎ᠶᠢᠨ ᠠᠭᠤᠷ ᠠᠮᠢᠰᠬᠤᠯ᠎ᠢ ᠤᠳᠠᠭ᠎ᠠ ᠳᠠᠷᠠᠭᠠᠯᠠᠨ ᠬᠦᠭᠵᠢᠭᠡᠵᠦ᠂ ᠠᠯᠠᠭ᠎ᠠ ᠲᠡᠰᠢᠯᠲᠡᠶᠢᠨᠲᠠᠭᠤᠨ᠂ ᠤᠷᠠᠢᠯᠠᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠢᠲ᠋ᠠᠯᠢ᠎ᠶᠢᠨ ᠠᠷᠠᠳ᠎ᠤᠨ ᠳᠠᠭᠤᠤ 《ᠮᠢᠨᠤ ᠨᠠᠷᠠ》 ᠪᠡᠷ ᠠᠷᠤ ᠦᠵᠡᠭᠳᠡᠯ ᠪᠣᠯᠭᠠᠭᠰᠠᠨ ᠬᠦᠭᠡᠮᠡᠢ ᠨᠢ ᠨᠡᠩ ᠴᠤ᠌ ᠳᠤᠮᠳᠠᠳᠤᠢᠲ᠋ᠠᠯᠢᠶᠢᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠬᠠᠪᠠ᠃ ᠤᠳᠠᠲᠠᠯ᠎ᠠ ᠠᠯᠠᠭ᠎ᠠ ᠲᠠᠰᠢᠨ ᠤᠷᠠᠢᠯᠠᠬᠤ ᠲᠠᠭᠤᠨᠤᠳᠤᠮᠳᠠ ᠲᠣᠭᠯᠠᠯᠲᠠᠦᠨᠳᠦᠷᠯᠡᠵᠦ᠂ ᠠᠬᠤᠢ ᠲᠠᠯᠠᠪᠠᠶ᠎ᠳᠤ 100 ᠤᠳᠠᠭ᠎ᠠ ᠵᠢᠨ ᠬᠤᠩᠬᠤᠨ ᠲᠠᠭᠤᠨᠴᠤᠤᠷᠢᠶᠠᠳᠤᠭᠰᠠᠨᠨᠢ ᠪᠧᠷᠭᠠᠮᠤ᠋ ᠬᠣᠲᠠ᠎ᠶᠢᠨ ᠵᠠᠰᠠᠭ᠎ᠤᠨ ᠣᠷᠳᠣᠨ᠎ᠤ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠤᠳᠬ᠎ᠠ ᠤᠷᠠᠯᠢᠭ᠋ᠤᠨᠲᠥᠯᠥᠭᠡᠯᠡᠭᠴᠢᠳᠦᠨ ᠪᠦᠯᠬᠦᠮ᠎ᠳᠤ ᠡᠷᠭᠦᠭᠰᠡᠨ ᠳᠡᠭᠡᠳᠦ ᠬᠡᠮᠵᠢᠶᠡᠨ᠎ᠤ ᠮᠠᠭᠲᠠᠭᠠᠯ ᠲᠠᠯᠠᠷᠬᠠᠯᠢᠢᠯᠡᠷᠬᠡᠢᠯᠡᠭᠰᠡᠨ ᠶᠤᠮ᠃

ᠪᠧᠷᠭᠠᠮᠤ᠋ ᠮᠤᠵᠢ᠎ᠶᠢᠨ ᠳᠠᠷᠤᠭ᠎ᠠ ᠫᠠᠰᠺᠦᠢ᠍ᠢᠸᠯᠭᠠᠨᠳᠤᠯᠹᠢ ᠲᠣᠭᠯᠠᠯᠲᠠ᠎ᠶᠢ ᠰᠣᠨᠢᠷᠬᠠᠵᠤ ᠪᠠᠢᠬᠤ ᠳ᠋ᠠᠭᠠᠨ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠤᠷᠠᠯᠢᠭ᠋ᠤᠨᠰᠣᠶᠣᠯ ᠥᠨᠢ ᠤᠳᠠᠭᠠᠨ ᠲᠡᠦᠬᠡ᠎ᠲᠠᠢ᠂ ᠳᠠᠭᠤᠤ᠂ ᠪᠥᠵᠢᠭ᠂ ᠬᠤᠪᠴᠠᠰᠤ ᠵᠠᠰᠠᠯ ᠨᠢ ᠥᠪᠡᠷᠮᠢᠴᠡ ᠤᠷᠠᠯᠢᠭ᠋᠎ᠤᠨ ᠷᠢᠳᠢᠰᠢᠳᠢᠲᠠᠢ ᠪᠠᠢᠵᠤ᠂ ᠢᠲ᠋ᠠᠯᠢ᠎ᠶᠢᠨ ᠠᠷᠠᠳ ᠲᠦᠮᠡᠨ᠎ᠦ ᠠᠩᠬᠠᠷᠤᠯ᠎ᠢ ᠲᠠᠲᠠᠵᠤ ᠪᠠᠢᠨ᠎ᠠ ᠭᠡᠪᠡ᠃ ᠲᠡᠷᠡ ᠪᠠᠰᠠ2024ᠣᠨᠳᠤᠳᠤᠮᠳᠠᠳᠤ ᠤᠯᠤᠰ᠎ᠤᠨ ᠥᠪᠥᠷ ᠮᠣᠩᠭᠣᠯ᠎ᠤᠨ ᠬᠥᠬᠡᠬᠣᠲᠠ᠎ᠳᠤ ᠬᠦᠷᠴᠦ ᠰᠣᠶᠣᠯ ᠤᠷᠠᠯᠢᠭ᠋᠎ᠤᠨ ᠰᠣᠯᠢᠯᠴᠠᠭ᠎ᠠ ᠬᠢᠭᠰᠡᠨᠵᠢᠡᠨ ᠳᠤᠷᠠᠰᠪᠠ᠂ ᠲᠡᠷᠡ ᠤᠳᠠᠭ᠎ᠠ ᠥᠪᠥᠷ ᠮᠣᠩᠭᠣᠯ᠎ᠤᠨ ᠰᠣᠶᠣᠯ᠎ᠤᠨ ᠷᠢᠳᠢ ᠰᠢᠳᠢ᠎ᠶᠢ ᠭᠦᠨ ᠮᠡᠳᠡᠷᠡᠵᠦ᠂ ᠥᠪᠥᠷᠮᠣᠩᠭᠣᠯᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠤᠳᠬ᠎ᠠ ᠤᠷᠠᠯᠢᠭ᠋᠎ᠤᠨ ᠪᠦᠯᠬᠦᠮ᠎ᠢ ᠢᠲ᠋ᠠᠯᠢ᠎ᠳᠤ ᠲᠣᠭᠯᠠᠯᠲᠠᠭᠠᠷᠭᠠᠭᠤᠯᠬᠤ ᠪᠡᠷ ᠤᠷᠢᠭᠰᠠᠨ ᠪᠠᠢᠵᠠᠢ᠂ ᠤᠳᠤ ᠬᠦᠰᠡᠯ ᠪᠡᠶᠡᠯᠡᠭᠳᠡᠭᠰᠡᠨ᠎ᠳᠦ ᠮᠠᠰᠢ ᠪᠠᠶᠠᠷᠯᠠᠵᠤ ᠪᠠᠢᠬᠤ ᠪᠥᠭᠡᠳᠲᠣᠭᠯᠠᠯᠲᠠ ᠲᠡᠭᠦᠰ ᠠᠮᠵᠢᠯᠲᠠ ᠲᠠᠢ ᠪᠤᠯᠤᠭᠰᠠᠨ᠎ᠳᠤ ᠪᠠᠶᠠᠷᠯᠠᠵᠤ ᠪᠠᠢᠨ᠎ᠠ ᠭᠡᠵᠡᠢ᠃
ᠣᠢᠯᠠᠭᠠᠭᠰᠠᠨ᠎ᠢᠶᠠᠷ᠂ ᠲᠣᠰ ᠬᠤᠭᠤᠴᠠᠭᠠᠨᠤᠣᠯᠠᠨ ᠤᠯᠤᠰ᠎ᠤᠨ ᠵᠠᠩ ᠦᠶ᠋ᠯᠡ ᠰᠣᠶᠣᠯ᠎ᠤᠨ ᠨᠠᠢᠷ ᠡᠬᠢᠯᠡᠬᠦ᠎ᠡᠴᠡ ᠡᠮᠦᠨ᠎ᠡ᠂ ᠢᠲ᠋ᠠᠯᠢ᠎ᠶᠢᠨ ᠠᠯᠪᠠᠨ᠎ᠤ ᠰᠦᠯᠵᠢᠶᠡᠵᠢᠴᠢ ᠲᠤᠬᠠᠢ᠎ᠶᠢᠨ ᠭᠠᠵᠠᠷ᠎ᠤᠨ ᠵᠠᠭᠤᠴᠢᠯᠠᠭᠤᠷ ᠨᠢᠭᠡᠨᠲᠡ ᠤᠷᠢᠳᠴᠢᠯᠠᠨ ᠤᠬᠠᠭᠤᠯᠭ᠎ᠠ ᠬᠢᠵᠦ᠂ ᠲᠣᠰ ᠤᠳᠠᠭᠠᠨᠤᠤᠷᠠᠯᠢᠭ᠋ᠤᠨ ᠨᠠᠢᠷ᠎ᠤᠨ ᠠᠯᠢ ᠣᠯᠠᠨ ᠲᠣᠬᠢᠷᠠᠭᠤᠯᠤᠯᠲᠠ ᠳᠤᠲᠤᠷ᠎ᠠ ᠡᠴᠡ 8 ᠰᠠᠷ᠎ᠠ᠎ᠶᠢᠨ 23 (ᠭᠠᠷᠠᠭ᠎ᠤᠨ ᠵᠢᠷᠭᠤᠭᠠᠨ)᠎ᠤ ᠣᠷᠣᠢ᠎ᠶᠢᠨ20᠄ 30 ᠲᠸ᠋ ᠲᠤᠭᠯᠠᠬᠤ ᠳᠤᠮᠳᠠᠳᠤ ᠤᠯᠤᠰᠤᠨᠥᠪᠥᠷ ᠮᠣᠩᠭᠣᠯ᠎ᠡᠴᠠ ᠢᠷᠡᠭᠰᠡᠨ ᠣᠨᠴᠠ ᠤᠷᠢᠭ᠍ᠰᠠᠨ ᠤᠳᠬ᠎ᠠ ᠤᠷᠠᠯᠢᠭ᠎ᠤᠨ ᠪᠦᠯᠬᠦᠮ᠎ᠦᠨ ᠲᠣᠭᠯᠠᠯᠲᠠ᠎ᠶᠢ ᠣᠨᠴᠠᠯᠠᠨᠤᠬᠠᠭᠤᠯᠤᠭᠰᠠᠨ ᠪᠠᠢᠵᠠᠢ᠃
ᠢᠷᠡᠯᠲᠡ᠄ ᠳᠤᠮᠳᠠᠳᠤ ᠤᠯᠤᠰᠤᠨᠰᠣᠨᠢᠨ ᠮᠡᠳᠡᠭᠡᠨ᠎ᠦ ᠰᠦᠯᠵᠢᠶ᠎ᠡ᠎ᠶᠢᠨ ᠥᠪᠥᠷ ᠮᠣᠩᠭᠣᠯ᠎ᠤᠨ ᠰᠣᠨᠢᠨ ᠮᠡᠳᠡᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃