2025-07-11 10:59:20
7 ᠰᠠᠷ᠎ᠠ᠎ᠶᠢᠨ 9᠎ᠦ ᠣᠷᠣᠢ᠂ ᠠᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠤᠷᠠᠯᠢᠭ᠋᠎ᠤᠨ ᠨᠠᠢᠷ ᠬᠥᠬᠡᠬᠣᠲᠠ᠎ᠶᠢᠨ ᠤᠯᠠᠭᠠᠨᠮᠥ᠋ᠴᠢᠷ᠎ᠦᠨ ᠲᠢᠶᠠᠲᠷ᠎ᠤᠨ ᠭᠣᠢᠳᠠ ᠰᠠᠢᠬᠠᠨ ᠲᠡᠭᠦᠰᠬᠦ ᠶᠣᠰᠣᠯᠠᠯ᠎ᠤᠨ ᠲᠣᠭᠯᠠᠯᠲᠠ ᠲᠤᠮᠳᠠ ᠲᠡᠭᠦᠰ ᠠᠮᠵᠢᠯᠲᠠ᠎ᠲᠠᠢ ᠥᠨᠳᠥᠷᠯᠡᠪᠡ᠃

《ᠰᠢᠨ᠎ᠡ ᠴᠠᠭ ᠦᠶ᠎ᠡ᠎ᠶᠢᠨ ᠤᠯᠠᠭᠠᠨᠮᠥ᠋ᠴᠢᠷ》 ᠭᠡᠬᠦ ᠳᠠᠭᠤᠤ

ᠭᠣᠢᠳᠠ ᠰᠠᠢᠬᠠᠨ ᠳᠠᠭᠤᠤ ᠪᠥᠵᠢᠭ᠎ᠦᠨ ᠲᠣᠭᠯᠠᠯᠲᠠ

7 ᠰᠠᠷ᠎ᠠ᠎ᠶᠢᠨ 9᠎ᠦ ᠣᠷᠣᠢ᠂ ᠠᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠤᠷᠠᠯᠢᠭ᠋᠎ᠤᠨ ᠨᠠᠢᠷ᠎ᠤᠨ ᠲᠡᠭᠦᠰᠬᠦ ᠶᠣᠰᠣᠯᠠᠯ᠎ᠤᠨ ᠲᠣᠭᠯᠠᠯᠲᠠ ᠭᠣᠢᠳᠠ ᠰᠠᠢᠬᠠᠨ ᠶᠠᠪᠤᠭᠳᠠᠪᠠ᠃
ᠲᠤᠰ ᠬᠤᠭᠤᠴᠠᠭᠠᠨ᠎ᠤ ᠤᠷᠠᠯᠢᠭ᠋᠎ᠤᠨ ᠨᠠᠢᠷ ᠨᠢ 《ᠠᠮᠢᠳᠤᠷᠠᠯ᠎ᠤᠨ ᠥᠩ ᠰᠢᠮᠡᠯᠢᠭ ᠬᠥᠷᠥᠰᠥᠨ᠎ᠳᠦ ᠦᠨᠳᠦᠰᠦᠯᠡᠵᠦ᠂ ᠮᠠᠯᠴᠢᠨ ᠲᠦᠮᠡᠨ᠎ᠳᠦ ᠦᠢᠯᠡᠴᠢᠯᠡᠬᠦ》 ᠰᠢᠯᠢᠳᠡᠭ ᠤᠯᠠᠮᠵᠢᠯᠠᠯ᠎ᠢ ᠪᠠᠷᠢᠮᠲᠠᠯᠠᠵᠤ᠂ ᠬᠥᠬᠡᠬᠣᠲᠠ᠎ᠳᠤ 《ᠪᠠᠶᠠᠷ ᠪᠠᠶᠠᠰᠤᠯ·ᠪᠣᠯᠪᠠᠰᠤᠨ᠎ᠢ ᠴᠤᠭᠭᠠᠷ ᠬᠦᠷᠭᠡᠬᠦ》 ᠦᠨᠳᠦᠰᠦᠨ ᠱᠠᠲᠤᠨ᠎ᠳᠤ ᠪᠠᠭᠤᠬᠤ ᠲᠣᠭᠯᠠᠯᠲᠠ᠎ᠶᠢᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠡᠢ᠃ 6 ᠰᠠᠷ᠎ᠠ᠎ᠶᠢᠨ 30 ᠤ ᠡᠳᠦᠷ᠎ᠡᠴᠡ 7 ᠰᠠᠷ᠎ᠠ᠎ᠶᠢᠨ 7 ᠤ ᠡᠳᠦᠷ ᠪᠣᠯᠲᠠᠯ᠎ᠠ᠂ ᠪᠦᠬᠦ ᠣᠷᠣᠨ᠎ᠤ ᠡᠯ᠎ᠡ ᠬᠣᠰᠢᠭᠤ ᠰᠢᠶᠠᠨ ᠲᠣᠭᠣᠷᠢᠭ᠋᠎ᠠᠴᠠ ᠢᠷᠡᠭᠰᠡᠨ 19 ᠤᠯᠠᠭᠠᠨᠮᠥ᠋ᠴᠢᠷ᠎ᠦᠨ ᠠᠩᠬᠢ ᠬᠥᠬᠡᠬᠣᠲᠠ᠎ᠶᠢᠨ ᠦᠵᠡᠮᠵᠢ᠎ᠶᠢᠨ ᠣᠷᠣᠨ ᠵᠢᠴᠢ ᠡᠯ᠎ᠡ ᠲᠣᠰᠬᠣᠨ ᠪᠠᠯᠭᠠᠰᠤᠨ᠎ᠳᠤ ᠭᠦᠨᠵᠡᠭᠡᠢᠷᠡᠵᠦ᠂ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ 30 ᠲᠠᠯᠠᠪᠠᠢ ᠲᠤᠭᠯᠠᠵᠦ᠂ ᠦᠨᠳᠦᠰᠦᠨ ᠱᠠᠲᠤᠨ᠎ᠤ ᠤᠯᠠᠨ ᠲᠦᠮᠡᠨ᠎ᠳᠦ ᠡᠯᠪᠡᠭ ᠪᠠᠶᠠᠯᠢᠭ᠋ ᠦᠪᠡᠳᠡᠭᠰᠢ ᠰᠣᠶᠣᠯ᠎ᠤᠨ ᠠᠵᠢᠯᠯᠠᠭ᠍᠎ᠡ ᠬᠦᠷᠭᠡᠵᠦ᠂ ᠡᠯ᠎ᠡ ᠭᠠᠵᠠᠷ᠎ᠤᠨ ᠤᠯᠠᠭᠠᠨᠮᠥ᠋ᠴᠢᠷ᠎ᠦᠨ ᠰᠢᠯᠢᠳᠡᠭ ᠤᠷᠠᠨ ᠰᠠᠢᠬᠠᠨ᠎ᠤ ᠪᠦᠲᠦᠭᠡᠯ᠎ᠨᠢ ᠬᠥᠬᠡᠬᠣᠲᠠ᠎ᠳᠤ ᠰᠢᠨ᠎ᠡ ᠠᠮᠢᠵᠢᠷᠠᠯ᠎ᠤᠨ ᠬᠦᠴᠦᠨ᠎ᠵᠢᠡᠨ ᠤᠯᠤᠭᠰᠠᠨ ᠪᠠᠢᠨ᠎ᠡ᠃

ᠲᠣᠰ ᠬᠤᠭᠤᠴᠠᠭᠠᠨ᠎ᠤ ᠤᠷᠠᠯᠢᠭ᠋᠎ᠤᠨ ᠨᠠᠢᠷ᠎ᠲᠤ 《ᠤᠷᠤᠯᠳᠤᠭᠠᠨ᠎ᠢᠶᠠᠷ ᠪᠣᠯᠪᠠᠰᠤᠷᠠᠯ᠎ᠢ ᠣᠷᠣᠯᠠᠭᠤᠯᠬᠤ》 ᠵᠠᠭᠪᠤᠷ᠎ᠢ ᠰᠢᠨ᠎ᠡ᠎ᠪᠡᠷ ᠡᠭᠦᠳᠦᠨ ᠬᠡᠷᠡᠭᠵᠢᠭᠦᠯᠵᠦ᠂ ᠤᠳᠬ᠎ᠠ ᠤᠷᠠᠯᠢᠭ᠋᠎ᠤᠨ ᠬᠠᠮᠲᠤᠷᠠᠭᠰᠠᠨ ᠲᠣᠭᠯᠠᠯᠲᠠ ᠪᠠ 《ᠰᠢᠨ᠎ᠡ ᠬᠥᠮᠥᠨ᠎ᠦ ᠰᠢᠨ᠎ᠡ ᠪᠦᠲᠦᠭᠡᠯ》᠎ᠤᠨ ᠤᠷᠤᠯᠳᠤᠭᠠᠨ᠎ᠤ ᠬᠣᠶᠠᠷ ᠶᠡᠬᠡ ᠠᠵᠢᠯᠯᠠᠭ᠎ᠠ᠎ᠶᠢ ᠠᠮᠵᠢᠯᠲᠠ᠎ᠲᠠᠢ ᠡᠷᠭᠢᠯᠡᠪᠡ᠃ 6 ᠰᠠᠷ᠎ᠠ᠎ᠶᠢᠨ 28 ᠤ ᠡᠳᠦᠷ᠎ᠡᠴᠡ 7 ᠰᠠᠷ᠎ᠠ᠎ᠶᠢᠨ 8 ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠪᠣᠯᠣᠨ ᠤᠯᠠᠭᠠᠨ ᠲᠢᠶᠠᠲᠷ ᠵᠦᠴᠦᠭᠡ᠎ᠶᠢᠨ ᠬᠦᠷᠢᠶᠡᠯᠡᠩ᠎ᠳᠦ 19 ᠤᠳᠠᠭ᠎ᠠ᠎ᠶᠢᠨ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ ᠭᠠᠷᠭᠠᠵᠤ᠂ 2023 ᠣᠨ᠎ᠠᠴᠠ ᠨᠠᠭᠠᠰᠢᠬᠢ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠡᠯ᠎ᠡ ᠤᠯᠠᠭᠠᠨᠮᠥ᠋ᠴᠢᠷ᠎ᠦᠨ ᠡᠩᠨᠡᠭᠡ ᠬᠠᠷᠢᠯᠴᠠᠨ ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠨ᠂ ᠦᠵᠡᠯ ᠰᠠᠨᠠᠭᠠᠴᠢ ᠴᠢᠨᠠᠷ᠂ ᠤᠷᠠᠯᠢᠭ᠍ᠴᠢ ᠴᠢᠨᠠᠷ᠂ ᠰᠣᠨᠢᠷᠬᠠᠯᠲᠤ ᠴᠢᠨᠠᠷ᠂ ᠴᠠᠭ ᠦᠶᠡᠴᠢ ᠴᠢᠨᠠᠷ᠎ᠢ ᠣᠷᠭᠠᠨᠢᠭ᠋᠎ᠢᠶᠠᠷ ᠨᠢᠭᠡᠳᠦᠭᠦᠯᠦᠭᠰᠡᠨ ᠤᠷᠠᠯᠢᠭ᠋᠎ᠤᠨ ᠬᠥᠭᠡᠭᠡᠴᠡᠯᠳᠦᠯ᠎ᠢᠶᠡᠨ ᠳᠡᠯᠭᠡᠨ ᠦᠵᠡᠭᠦᠯᠦᠭᠰᠡᠨ ᠪᠠᠢᠨ᠎ᠡ᠃
ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠰᠤᠷᠪᠤᠯᠵᠢᠯᠠᠬᠴᠢ᠄ ᠬᠤᠸᠠᠩ ᠫᠦ ᠰᠢᠤ ᠯᠢᠩ
ᠨᠠᠢᠷᠠᠭᠤᠯᠤᠭᠴᠢ ᠄ ᠶᠠᠩ ᠾᠦᠩ ᠮᠸᠢ
ᠦᠰᠦᠭ ᠬᠠᠷᠭᠤᠭᠤᠯᠤᠭᠴᠢ᠄ ᠶᠠᠩ ᠰᠢᠶᠤᠤ ᠮᠸᠢ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃