2025-07-14 16:13:03
7 ᠰᠠᠷ᠎ᠠ᠎ᠶᠢᠨ 12 ᠤᠨ ᠡᠳᠦᠷ᠂ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠠᠴᠠ ᠭᠣᠣᠯᠯᠠᠨ ᠡᠷᠭᠢᠯᠡᠭᠰᠡᠨ ᠳᠥᠷᠪᠡᠳᠦᠭᠡᠷᠬᠤᠭᠤᠴᠠᠭᠠᠨᠤ ᠥᠪᠥᠷ ᠮᠣᠩᠭᠣᠯ᠎ᠤᠨ ᠠᠷᠠᠳ᠎ᠤᠨ ᠭᠠᠷ ᠤᠷᠠᠯᠠᠯ ᠤᠷᠠᠨ ᠵᠢᠷᠤᠭ᠎ᠤᠨ ᠰᠣᠳᠣᠨ ᠪᠦᠲᠦᠭᠡᠯ᠎ᠦᠨ ᠦᠵᠡᠰᠬᠦᠯᠡᠩᠵᠢᠴᠢ ᠭᠤᠷᠪᠠᠳᠤᠭᠠᠷ ᠬᠤᠭᠤᠴᠠᠭᠠᠨ᠎ᠤ ᠬᠥᠬᠡᠬᠣᠲᠠ᠎ᠶᠢᠨ ᠭᠠᠷ ᠤᠷᠠᠯᠠᠯ ᠤᠷᠠᠨ ᠵᠢᠷᠤᠭ ᠤ᠋ᠨ ᠰᠣᠳᠣᠨ ᠪᠦᠲᠦᠭᠡᠯᠦᠨᠦᠵᠡᠰᠬᠦᠯᠡᠩ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠶᠠᠪᠤᠭᠳᠠᠪᠠ᠃ ᠲᠤᠰ ᠤᠳᠠᠭ᠎ᠠ᠎ᠶᠢᠨ ᠦᠵᠡᠰᠬᠦᠯᠡᠩᠪᠣᠯ ᠤᠮᠠᠷᠠᠲᠤ ᠬᠢᠯᠢ᠎ᠶᠢᠨ ᠰᠣᠶᠣᠯ᠎ᠤᠨ ᠠᠵᠢᠯᠯᠠᠭ᠎ᠠ᠎ᠶᠢᠨ ᠤᠯᠠᠷᠢᠯ᠎ᠤᠨ ᠰᠢᠷᠢᠰ ᠠᠵᠢᠯᠯᠠᠭ᠎ᠠ᠎ᠶᠢᠨ ᠨᠢᠭᠡ ᠪᠠᠢᠵᠥ᠂8 ᠰᠠᠷ᠎ᠠ᠎ᠶᠢᠨ 10 ᠤ ᠡᠳᠦᠷ ᠪᠣᠯᠲᠠᠯ᠎ᠠ ᠶᠠᠪᠤᠭᠳᠠᠨ᠎ᠠ᠃

ᠦᠵᠡᠰᠬᠦᠯᠡᠩ ᠨᠢ ᠦᠨᠳᠦᠰᠦᠲᠡᠨᠦᠪᠦᠯᠬᠦᠮᠳᠡᠯ᠂ ᠠᠮᠢ ᠠᠬᠤᠢ᠎ᠶᠢᠨ ᠪᠣᠯᠪᠠᠰᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠴᠠᠭᠦᠶ᠎ᠡ᠎ᠶᠢᠨ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠂ ᠬᠠᠳᠬᠤᠮᠠᠯ᠂ ᠠᠷᠠᠰᠤᠨ ᠰᠠᠢᠯᠦᠮᠡᠯ᠂ ᠸᠠᠭᠠᠷᠤᠷᠠᠯᠠᠯ᠂ᠪᠥᠰ ᠤᠷᠠᠯᠠᠯ᠂ ᠲᠡᠮᠦᠷᠯᠢᠭ ᠰᠡᠢᠯᠦᠮᠡᠯ᠂ ᠮᠣᠩᠭᠣᠯ ᠦᠨᠳᠦᠰᠦᠲᠡᠨ᠎ᠦ ᠬᠤᠪᠴᠠᠰᠤ ᠵᠠᠰᠠᠯ ᠵᠡᠷᠭᠡ 260 ᠭᠠᠷᠤᠢᠭᠠᠷ ᠤᠷᠠᠯᠠᠯ᠎ᠤᠨ ᠰᠣᠳᠣᠨ ᠪᠦᠲᠦᠭᠡᠯ᠎ᠢ ᠨᠠᠷᠢᠯᠢᠭ᠋ ᠰᠣᠩᠭᠣᠵᠤ᠂ ᠥᠪᠥᠷ ᠮᠣᠩᠭᠣᠯ᠎ᠤᠨ ᠠᠷᠠᠳ᠎ᠤᠨ ᠭᠠᠷ ᠤᠷᠠᠯᠠᠯᠤᠷᠠᠨ ᠵᠢᠷᠤᠭ᠎ᠤᠨ ᠣᠢᠷ᠎ᠠ᠎ᠶᠢᠨ ᠵᠢᠯ᠎ᠦᠨ ᠤᠯᠠᠮᠵᠢᠯᠠᠯ ᠪᠠ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠢ ᠲᠥᠪᠯᠡᠷᠡᠩᠭᠦᠢᠢᠯᠡᠷᠡᠭᠦᠯᠪᠡ᠃

ᠥᠪᠥᠷ ᠮᠣᠩᠭᠣᠯ᠎ᠤᠨ ᠠᠷᠠᠳᠤᠨᠤᠳᠬᠠ ᠤᠷᠠᠯᠢᠭ᠍ᠴᠢᠳ᠎ᠤᠨ ᠨᠡᠢᠭᠡᠮᠯᠢᠭ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠰ ᠤᠳᠠᠭᠠᠨ᠎ᠤ ᠦᠵᠡᠰᠬᠦᠯᠡᠩ᠎ᠨᠢ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠲᠥᠷᠥᠯ ᠵᠦᠢᠯ᠎ᠢ ᠬᠠᠮᠤᠷᠤᠭᠰᠠᠨ ᠠᠷᠠᠳ᠎ᠤᠨ ᠭᠠᠷ ᠤᠷᠠᠯᠠᠯ᠎ᠤᠨ ᠰᠣᠳᠣᠨ ᠪᠦᠲᠦᠭᠡᠯᠢᠳᠡᠯᠭᠡᠨ ᠦᠵᠡᠭᠦᠯᠵᠦ᠂ ᠤᠨᠴᠠᠭᠠᠢᠯᠠᠨ ᠡᠮᠦᠨᠡᠬᠢ ᠬᠤᠭᠤᠴᠠᠭᠠᠨ᠎ᠤ ᠪᠡᠯᠡᠳᠬᠡᠯ ᠶᠠᠪᠤᠴᠠ᠎ᠳᠤ ᠪᠠᠰᠠ ᠮᠠᠰᠢ ᠣᠯᠠᠨᠰᠢᠨᠡ ᠠᠷᠠᠳ᠎ᠤᠨ ᠭᠠᠷ ᠤᠷᠠᠯᠠᠯ᠎ᠤᠨ ᠴᠢᠳᠠᠪᠤᠷᠢᠲᠠᠨ᠎ᠢ ᠠᠭᠤᠳᠠᠯᠤᠨ ᠭᠠᠷᠭᠠᠵᠠᠢ᠃ ᠡᠨᠡ ᠬᠦ᠌ ᠦᠵᠡᠰᠬᠦᠯᠡᠩ ᠢᠶᠡᠷᠳᠠᠮᠵᠢᠭᠤᠯᠤᠨ ᠪᠥᠬᠥ ᠣᠷᠣᠨ᠎ᠤ ᠥᠷᠭᠡᠨ ᠣᠯᠠᠨ ᠤᠷᠠᠯᠢᠭ᠍ᠴᠢᠳ᠎ᠲᠤ ᠰᠣᠯᠢᠯᠴᠠᠭ᠎ᠠ ᠰᠤᠷᠤᠯᠴᠠᠯᠭ᠎ᠠ᠎ᠶᠢᠨ ᠲᠠᠪᠴᠠᠩᠬᠠᠩᠭᠠᠵᠤ᠂ ᠵᠣᠬᠢᠶᠠᠨ ᠪᠦᠲᠦᠭᠡᠬᠦ ᠠᠪᠢᠶᠠᠰ ᠪᠢᠯᠢᠭ᠎ᠢ ᠬᠥᠭᠵᠢᠭᠡᠵᠦ᠂ ᠠᠷᠠᠳ᠎ᠤᠨ ᠤᠳᠬ᠎ᠠ ᠤᠷᠠᠯᠢᠭ᠋᠎ᠤᠨ ᠨᠥᠯᠥᠭᠡᠯᠡᠬᠦᠬᠦᠴᠦᠨᠢ ᠤᠯᠠᠮ᠎ᠵᠢᠡᠷ ᠨᠡᠮᠡᠭᠳᠡᠭᠦᠯᠵᠦ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠴᠢᠨᠠᠷ ᠰᠠᠢᠲᠠᠢ ᠬᠥᠭᠵᠢᠯᠲᠡᠳᠦᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ ᠬᠡᠪᠡ᠃
ᠢᠷᠡᠯᠲᠡ᠄ ᠤᠮᠠᠷᠠᠲᠤ᠎ᠶᠢᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃