ᠰᠣᠶᠣᠯ ᠤᠷᠠᠯᠢᠭ > ᠠᠶᠠᠯᠭᠤᠲᠤ ᠵᠢᠭᠤᠯᠴᠢᠯᠠᠯ ᠦᠪᠦᠷ ᠮᠤᠩᠭᠣᠯ

2025-08-10 10:09:25

ᠵᠣᠬᠢᠶᠠᠭ᠍ᠴᠢ᠄ ᠬᠠᠢ ᠵᠢᠶᠦ᠋ᠨ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 8᠎ᠦ ᠤᠷᠤᠢ᠂ ᠤᠯᠠᠭᠠᠨᠴᠠᠪ ᠬᠤᠳᠠ᠎ᠶ᠋ᠢᠨ ᠠᠷᠪᠠᠨ ᠳᠥᠷᠪᠡᠳᠦᠭᠡᠷ ᠬᠤᠭᠤᠴᠠᠭᠠᠨ᠎ᠤ 《ᠲᠠᠯ᠎ᠠ ᠨᠤᠲᠤᠭ᠎ᠤᠨ ᠠᠶᠠᠯᠠᠯ》 ᠨᠠᠭᠠᠳᠤᠮ ᠳᠥᠷᠪᠡᠳ ᠬᠣᠱᠢᠭᠤᠨ᠎ᠤ ᠭᠡᠭᠡᠨᠲᠠᠯ᠎ᠠ᠎ᠶ᠋ᠢᠨ ᠲᠠᠯ᠎ᠠ ᠨᠤᠲᠤᠭ᠎ᠤᠨ ᠵᠢᠭᠤᠯᠴᠢᠯᠠᠯ ᠎ᠤᠨ ᠦᠵᠡᠮᠵᠢ᠎ᠶ᠋ᠢᠨ ᠣᠷᠣᠨ᠎ᠳᠤ ᠦᠪᠡᠳᠡᠭᠰᠢ ᠶᠡᠬᠡᠪᠡᠷ ᠡᠬᠢᠯᠡᠪᠡ᠃

ᠲᠣᠰ ᠬᠤᠭᠤᠴᠠᠭᠠᠨ᠎ᠤ ᠨᠠᠭᠠᠳᠤᠮ᠎ᠤᠨ ᠡᠬᠢᠯᠡᠯᠲᠡ᠎ᠶ᠋ᠢᠨ ᠶᠣᠰᠣᠯᠠᠯ᠎ᠨᠢ 《ᠲᠦᠱᠢᠭ᠌ᠯᠡᠯᠴᠡᠨ ᠣᠷᠣᠱᠢᠬᠤᠢ》᠂ 《ᠶᠠᠷᠢᠯᠴᠠᠭ᠎ᠠ》᠂︽ᠰᠡᠳᠭᠢᠯ ᠨᠢᠭᠡᠳᠤᠯ︾᠂ 《ᠠᠭᠤᠰᠤᠯᠴᠠᠯ》᠂ 《ᠬᠠᠮᠲᠤ᠎ᠶ᠋ᠢᠨ ᠬᠡᠷᠡᠯ ᠭᠢᠯᠪᠠᠭ᠎ᠠ》 ᠭᠡᠬᠦ᠌ ᠲᠠᠪᠤᠨ ᠬᠡᠰᠡᠭ᠎ᠢᠶᠡᠷ ᠪᠦᠷᠢᠯᠳᠦᠵᠦ᠍᠂ ᠤᠯᠠᠨ ᠲᠦᠷᠦᠯ᠎ᠤᠨ ᠤᠷᠠᠨ ᠰᠠᠢᠬᠠᠨ ᠤ᠋ ᠲᠣᠭ᠍ᠯᠠᠯᠲᠠ ᠵᠢ ᠳᠤᠬᠢᠷᠠᠭᠤᠯᠵᠦ᠂ ᠲᠦᠷᠪᠡᠨ ᠵᠦᠭ ᠨᠠᠢ᠍ᠮᠠᠨ ᠵᠤᠪᠬᠢᠰ ᠡᠴᠡ ᠬᠦᠷᠦᠯᠴᠡᠨ ᠢᠷᠡᠭ᠌ᠰᠡᠨ ᠵᠢᠭᠤᠯᠴᠢᠯᠠᠭᠰᠠᠳ ᠲᠤ᠌ ᠲᠠᠯ᠎ᠠ ᠨᠤᠲᠤᠭ᠎ᠤᠨ ᠦᠪᠡᠳᠡᠭ᠌ᠰᠢ ᠨᠠᠢᠷ᠎ᠤᠨ ᠪᠠᠶᠠᠷ ᠵᠢᠷᠭᠠᠯ ᠢ᠋ ᠡᠳ᠋ᠯᠡᠭᠦᠯᠪᠡ᠃ ᠲᠣᠰ ᠬᠤᠭᠤᠴᠠᠭᠠᠨ᠎ᠤ ᠨᠠᠭᠠᠳᠤᠮ ᠨᠢ 《ᠠᠶᠠᠯᠭᠤᠲᠤ ᠵᠢᠭᠤᠯᠴᠢᠯᠠᠯ ᠥᠪᠥᠷ ᠮᠣᠩᠭᠣᠯ᠂ ᠨᠠᠭᠠᠳᠤᠮ᠎ᠤᠨ ᠪᠣᠯᠵᠣᠭ᠎ᠠ》 ᠪᠠᠷ ᠭᠤᠤᠯ ᠰᠡᠳᠦᠪ ᠪᠣᠯᠭᠠᠵᠤ᠂ 《ᠬᠤᠷᠳᠤᠨ ᠮᠤᠷᠢᠨ ᠤ᠋ ᠬᠤᠯᠪᠤᠭᠠᠲᠤ ᠤᠷᠤᠯᠳᠤᠭᠠᠨ ᠵᠢᠡᠷ ᠨᠠᠭᠠᠳᠤᠮ᠎ᠳᠦ ᠬᠦᠷ ᠬᠥᠭ᠌ᠵᠢᠶᠡᠨ ᠨᠠᠮᠠᠷᠢᠯᠡᠵᠤ᠂ ᠬᠤᠷᠳᠤᠴᠠ ᠪᠠ ᠣᠷᠭᠢᠯᠤᠮ᠎ᠠ ᠰᠡᠳᠭᠢᠯᠭᠡ᠎ᠪᠡᠨ ᠬᠠᠷᠠᠭᠤᠯᠬᠤ》᠎ᠶ᠋ᠢ ᠳᠣᠪᠣᠢᠯᠭᠠᠵᠤ᠂ 5 ᠡᠳᠦᠷ᠎ᠦᠨ ᠬᠤᠭᠤᠴᠠᠭ᠎ᠠ᠎ᠲᠠᠶ ᠰᠣᠶᠣᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠤᠮᠠᠷᠠᠲᠤ ᠬᠢᠯᠢ᠎ᠶ᠋ᠢᠨ ᠰᠣᠶᠣᠯ᠎ᠤᠨ ᠣᠨᠴᠠᠯᠢᠭ᠎ᠢ ᠱᠢᠰᠲ᠋ᠧᠮ᠎ᠲᠡᠶ ᠢᠯᠡᠷᠡᠭᠦᠯᠵᠦ᠍᠂ ᠤᠯᠠᠭᠠᠨᠴᠠᠪ᠎ᠤᠨ《ᠲᠠᠯ᠎ᠠ ᠨᠤᠲᠤᠭ᠎ᠤᠨ ᠵᠤᠰᠠᠯᠠᠩ᠎ᠤᠨ ᠬᠣᠲᠠ》᠎ᠶ᠋ᠢᠨ ᠨᠡᠷ᠎ᠡ ᠠᠯᠳᠠᠷᠰᠢᠯ ᠎ᠢ ᠨᠡᠡᠭ ᠲᠡᠭᠡᠭᠰᠢᠯᠡᠬᠥᠯᠬᠥ ᠪᠤᠯᠤᠨ᠎ᠠ᠃ ᠡᠬᠢᠯᠡᠯᠳᠡ ᠵᠢᠨ ᠶᠤᠰᠤᠯᠡᠯ ᠨᠢ ᠤᠷᠤᠢ᠎ᠶ᠋ᠢᠨ 8 ᠴᠠᠭ᠎ᠲᠤ ᠡᠬᠢᠯᠡᠵᠦ᠂ ᠬᠡᠬᠡᠨᠲᠠᠯ᠎ᠠ ᠵᠢᠨ ᠲᠠᠯ᠎ᠠ ᠨᠤᠲᠤᠭ ᠨᠢ ᠰᠣᠶᠣᠯ᠎ᠤᠨ ᠠᠭᠤᠰᠤᠯᠴᠠᠯ᠎ᠤᠨ ᠲᠠᠪᠴᠠᠩ ᠪᠤᠯᠵᠤ᠂ ᠤᠯᠠᠮᠵᠢᠯᠠᠯᠳᠤ ᠰᠤᠶᠤᠯ᠎ᠳᠤ ᠰᠠᠭᠤᠷᠢᠯᠠᠭᠰᠡᠨ 《ᠴᠠᠭ ᠬᠤᠭᠤᠴᠠᠭ᠎ᠠ ᠪᠠ ᠣᠷᠣᠨ ᠵᠠᠢ᠎ᠶ᠋ᠢᠨ ᠠᠭᠤᠰᠤᠯᠴᠠᠯ ᠮᠠᠶᠢᠭ》᠎ᠤᠨ ᠲᠠᠯᠠᠪᠠᠢ᠎ᠳᠤ ᠣᠷᠣᠬᠤ ᠶᠣᠰᠣᠯᠠᠯ ᠪᠣᠯᠤᠨ《ᠤᠯᠠᠨ ᠡᠱᠢᠲᠦ ᠤᠷᠠᠯᠢᠭ ᠎ᠢ ᠤᠶᠠᠯᠳᠤᠭᠤᠯᠤᠭ᠍ᠰᠠᠨ》 ᠲᠣᠭ᠍ᠯᠠᠯᠲᠠ ᠨᠢ ᠤᠯᠠᠭᠠᠨᠴᠠᠪ᠎ᠤᠨ 《ᠡᠷᠲᠡᠨ ᠡᠳᠦᠭᠡ᠎ᠶ᠋ᠢᠨ ᠠᠭᠤᠰᠤᠯᠴᠠᠯ᠂ ᠨᠡᠭᠡᠭᠡᠯᠲᠡᠳᠤ ᠪᠠᠭ᠍ᠲᠠᠭᠠᠮᠵᠢᠲᠠᠢ》 ᠰᠣᠶᠣᠯ᠎ᠤᠨ ᠬᠡᠪ ᠨᠠᠮᠪᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠪᠠ᠃ ᠸᠠᠩ ᠱᠢᠤᠢ᠂ ᠬᠦᠰᠡᠯᠡᠩ᠂ ᠤᠶᠠᠩᠭ᠎ᠠ᠂ ᠣᠷᠭᠢᠯ᠂ ᠯᠢᠦ ᡁᠢ ᠫᠸᠩ ᠵᠡᠷᠭᠡ ᠨᠡᠷᠡᠳᠤ ᠤᠳᠤᠳ 《ᠲᠩᠷᠢ᠎ᠶ᠋ᠢᠨ ᠬᠠᠶᠠᠭ᠎ᠠ》᠂ 《ᠬᠥᠳᠡᠭᠡ ᠲᠠᠯ᠎ᠠ᠎ᠳᠤ ᠮᠥᠩᠬᠡ᠎ᠶ᠋ᠢᠨ ᠨᠡᠷᠡᠨ ᠮᠠᠨᠳᠤᠯ᠎ᠠ》᠂ 《ᠠᠵᠢᠨᠠᠶ ᠬᠦᠯᠦᠭ᠎ᠦᠨ ᠮᠠᠭ᠍ᠲᠠᠭᠠᠯ》 ᠵᠡᠷᠭᠡ ᠰᠣᠩᠭᠣᠳᠠᠭ ᠳᠠᠭᠤᠤ ᠎ᠪᠠᠨ ᠤᠯᠠᠨ ᠎ᠳᠤ ᠡᠷᠭᠦᠬᠦ᠌ ᠎ᠳᠦ᠂ ᠦᠪᠡᠳᠡᠭ᠌ᠰᠢ ᠨᠠᠢᠷ᠎ᠤᠨ ᠡᠬᠢᠯᠡᠯᠲᠡ ᠨᠡᠨᠭ ᠬᠦᠷ ᠬᠦᠭᠵᠢᠶᠡᠨ ᠵᠢᠠᠷ ᠪᠢᠯᠬᠠᠵᠠᠢ᠃

ᠲᠣᠰ ᠬᠤᠭᠤᠴᠠᠭᠠᠨ᠎ᠤ ᠨᠠᠭᠠᠳᠤᠮ᠎ᠨᠢ 《ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠣᠲᠣ ᠦᠶ᠎ᠡ᠎ᠶ᠋ᠢᠨ ᠪᠣᠯᠪᠠᠰᠤᠨ᠎ᠳᠤ ᠬᠠᠮᠲᠤ᠎ᠪᠠᠷ ᠠᠭᠤᠰᠤᠯᠴᠠᠭᠤᠯᠬᠤ》 ᠪᠠᠷ ᠭᠤᠤᠯ ᠪᠣᠯᠭᠠᠵᠤ᠂ ᠨᠠᠭᠠᠳᠤᠮ᠎ᠤᠨ ᠬᠤᠭᠤᠴᠠᠭᠠᠨ᠎ᠳᠤ ᠪᠥᠬᠡ ᠪᠠᠷᠢᠯᠳᠤᠬᠤ᠂ ᠮᠣᠷᠢ ᠤᠷᠤᠯᠳᠤᠬᠤ ᠂ ᠰᠣᠷ ᠬᠠᠷᠪᠤᠬᠤ ᠂ ᠱᠠᠭ᠎ᠠ ᠲᠤᠭ᠍ᠯᠠᠭᠠᠮ ᠵᠡᠷᠭᠡ ᠤᠷᠤᠯᠳᠤᠭᠠᠨ᠎ᠤ ᠵᠤᠢᠯᠡᠰ᠎ᠢ ᠳᠤᠬᠢᠷᠠᠭᠤᠯᠵᠦ᠂ ᠮᠦᠨ ᠤᠯᠠᠭᠠᠨᠴᠠᠪ ᠬᠣᠲᠠ᠎ᠶ᠋ᠢᠨ ᠠᠩᠬᠠᠳᠤᠭᠠᠷ ᠬᠤᠭᠤᠴᠠᠭᠠᠨ᠎ᠤ ᠮᠣᠩᠭᠣᠯ ᠮᠣᠷᠢᠨ᠎ᠤ ᠬᠣᠯᠪᠣᠭᠠᠲᠤ ᠤᠷᠤᠯᠳᠤᠭᠠᠨ ᠎ᠢ ᠡᠷᠭᠢᠯᠡᠵᠦ᠍᠂ ᠬᠤᠷᠳᠤᠨ ᠮᠤᠷᠢᠨ᠎ᠦ ᠤᠷᠤᠯᠳᠤᠭᠠᠨ᠂ ᠨᠠᠮᠨᠠᠭ᠎ᠠ᠂ ᠨᠢᠳᠤᠷᠭᠠᠨ ᠲᠡᠮᠡᠴᠡᠭᠡᠨ᠂ ᠵᠦᠯᠭᠡᠨ ᠳᠡᠭᠡᠷᠡᠬᠢ ᠳᠤᠭᠤᠶ ᠲᠡᠷᠭᠡ ᠵᠢᠨ ᠤᠷᠤᠯᠳᠤᠭᠠᠨ ᠵᠡᠷᠭᠡ ᠠᠵᠢᠯᠯᠠᠭ᠎ᠠ ᠨᠤᠭᠤᠳ᠎ᠢ ᠶᠠᠪᠤᠭᠳᠠᠭᠤᠯᠵᠦ᠂ ᠪᠥᠬᠥ ᠬᠤᠳᠠ ᠵᠢᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠡᠴᠡᠭ᠌ᠯᠡᠨ ᠬᠥᠭ᠌ᠵᠢᠬᠦ᠌᠎ᠳᠦ ᠬᠦᠴᠦᠨ ᠨᠡᠮᠡᠷᠢᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面