ᠰᠣᠶᠣᠯ ᠤᠷᠠᠯᠢᠭ > ᠲᠡᠷᠭᠡᠯ ᠪᠠᠶᠠᠷ

2025-10-12 11:45:07

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠤᠯᠠᠭᠠᠨᠬᠠᠳᠠ ᠬᠤᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠠᠴᠠ ᠣᠢᠯᠠᠭᠠᠭ᠍ᠰᠠᠨ ᠵᠢᠡᠷ᠂ ᠤᠯᠤᠰ ᠤ᠋ᠨ ᠪᠠᠶᠠᠷ᠂ ᠨᠠᠢ᠍ᠮᠠᠨ ᠰᠠᠷ᠎ᠠ ᠵᠢᠨ ᠲᠡᠷᠭᠡᠯ ᠪᠠᠶᠠᠷ ᠤ᠋ᠨ ᠠᠮᠠᠷᠠᠯᠲᠠ᠎ᠵᠢᠨ ᠬᠤᠭᠤᠴᠠᠭᠠᠨ ᠳ᠋ᠦ ᠤᠯᠠᠭᠠᠨᠬᠠᠳᠠ ᠬᠤᠲᠠ ᠤᠯᠤᠰ᠎ᠤᠨ ᠳᠣᠲᠣᠭᠠᠳᠤ ᠵᠢᠨ ᠵᠢᠭᠤᠯᠴᠢᠯᠠᠭᠴᠢ ᠵᠢ ᠨᠡᠢᠲᠡ 330.47 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠪᠥᠬᠦ᠌ ᠣᠷᠣᠨ ᠳ᠋ᠤ ᠬᠤᠶᠠᠳᠤᠭᠠᠷ᠎ᠲᠤ ᠣᠷᠣᠵᠤ᠂ ᠠᠳᠠᠯᠢ ᠬᠤᠭᠤᠴᠠᠭᠠᠨ ᠤ᠋ ᠬᠢ ᠡᠴᠡ 13.81%᠎ᠪᠠᠷ ᠨᠡᠮᠡᠭ᠌ᠳᠡᠪᠡ᠃ ᠵᠢᠭᠤᠯᠴᠢᠯᠠᠭᠰᠠᠳ ᠤ᠋ᠨ ᠪᠦᠬᠦ᠌ ᠵᠠᠷᠤᠳᠠᠯ 23.22 ᠳ᠋ᠦᠩᠱᠢᠭᠤᠷ ᠲᠥᠭᠥᠷᠢᠭ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 13.95% ᠪᠡᠷ ᠨᠡᠮᠡᠭ᠌ᠳᠡᠪᠡ᠃

ᠵᠢᠭᠤᠯᠴᠢᠯᠠᠯ ᠤ᠋ᠨ ᠵᠠᠬ᠎ᠠ ᠳᠡᠯᠭᠡᠭᠦᠷ ᠲᠤ᠌ ᠨᠠᠩ ᠰᠠᠢᠨ ᠦᠶ᠋ᠯᠡᠴᠢᠯᠡᠬᠦ᠌ ᠵᠢᠨ ᠲᠥᠯᠥᠭᠡ ᠤᠯᠠᠭᠠᠨᠬᠠᠳᠠ ᠬᠣᠲᠠ ᠭᠦᠶ᠋ᠴᠡᠳ ᠪᠡᠯᠡᠳᠭᠡᠯ ᠬᠢᠵᠤ᠂ ᠤᠷᠤᠯᠳᠤᠭᠠᠨ᠂ ᠲᠣᠭ᠍ᠯᠠᠯᠲᠠ᠂ ᠠᠵᠢᠯᠯᠠᠭ᠎ᠠ᠂ ᠦᠵᠡᠭᠦᠯᠭᠡ᠂ ᠰᠣᠶᠣᠯ ᠤ᠋ᠨ ᠦᠵᠡᠰᠭᠦᠯᠡᠩ ᠵᠡᠷᠭᠡ ᠭᠣᠸ᠋ᠯ ᠰᠡᠳᠦᠪ᠎ᠦᠨ ᠲᠣᠭᠣᠷᠢᠨ᠎ᠳᠤ 5 ᠶᠡᠬᠡ ᠲᠥᠷᠥᠯ᠂ 158 ᠵᠦᠶ᠋ᠯ ᠤ᠋ᠨ ᠭᠣᠸ᠋ᠯᠳᠠᠯᠭ᠎ᠠ ᠲᠠᠢ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠥᠷᠨᠢᠭᠦᠯᠵᠡᠢ᠃

ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭᠠᠨ᠎ᠳᠡᠬᠢ ᠵᠠᠬ᠎ᠠ ᠳᠡᠯᠭᠡᠭᠦᠷ᠎ᠦᠨ ᠠᠮᠤᠷ ᠲᠦᠪᠱᠢᠨ᠂ ᠡᠮᠬᠢ ᠳᠢᠭ᠌ᠯᠢᠮ ᠢ᠋ ᠪᠠᠲᠤᠯᠠᠬᠤ᠎ᠶ᠋ᠢᠨ ᠲᠥᠯᠥᠭᠡ ᠤᠯᠠᠭᠠᠨᠬᠠᠳᠠ ᠬᠣᠲᠠ ᠤᠯᠠᠨ ᠲᠠᠯ᠎ᠠ ᠵᠢᠨ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠮᠦᠷᠲᠡᠭᠡᠨ ᠡᠳᠦᠷ ᠪᠦᠷᠢ ᠦᠵᠡᠮᠵᠢ᠎ᠶ᠋ᠢᠨ ᠣᠷᠣᠨ ᠵᠢᠡᠷ ᠵᠢᠭᠤᠯᠴᠢᠯᠠᠯ ᠤ᠋ᠨ ᠪᠦᠯᠬᠦᠮ ᠢ᠋ ᠳᠠᠭᠠᠵᠤ ᠳᠠᠯᠳᠠᠭᠤᠷ ᠪᠠᠢᠴᠠᠭᠠᠯᠲᠠ ᠬᠢᠵᠦ᠍᠂ ᠵᠢᠭᠤᠯᠴᠢᠯᠠᠯ ᠤ᠋ᠨ ᠵᠠᠮᠴᠢᠯᠠᠭᠴᠢ ᠵᠢᠨ ᠠᠵᠢᠯ ᠡᠷᠭᠢᠯᠡᠬᠦ᠌ ᠵᠢᠷᠤᠮᠵᠢᠯ᠂ ᠪᠠᠷᠠᠭ᠎ᠠ ᠬᠤᠳᠠᠯᠳᠤᠨ ᠠᠪᠬᠤ ᠭᠠᠵᠠᠷ ᠲᠤ᠌ ᠪᠠᠢᠬᠤ ᠬᠤᠭᠤᠴᠠᠭ᠎ᠠ᠂ ᠵᠢᠭᠤᠯᠴᠢᠯᠠᠭ᠍ᠰᠠᠳ᠎ᠤᠨ ᠬᠠᠷᠢᠭᠤ ᠲᠤᠰᠭᠠᠯ ᠵᠡᠷᠭᠡ ᠵᠢ ᠭᠣᠸ᠋ᠯᠳᠠᠯᠭ᠎ᠠ᠎ᠲᠠᠶ ᠪᠠᠢᠴᠠᠭᠠᠵᠤ᠂ ᠵᠢᠭᠤᠯᠴᠢᠯᠠᠭ᠍ᠰᠠᠳ ᠤ᠋ᠨ ᠬᠠᠸ᠋ᠯᠢ ᠶᠣᠰᠣᠨ ᠤ᠋ ᠡᠷᠬᠡ ᠠᠱᠢᠭ ᠢ᠋ ᠦᠨᠡᠨ ᠬᠦ᠌ ᠬᠠᠮᠠᠭᠠᠯᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面