2025-09-29 16:08:17
ᠥᠪᠡᠷᠲᠡᠭᠡᠨ ᠵᠠᠰᠠᠬᠤ ᠣᠷᠣᠨᠤᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠵᠢᠱ᠌ᠢᠯᠲᠡ᠎ᠪᠡᠷ᠂ 2025 ᠣᠨ᠎ᠤ ᠨᠠᠢ᠍ᠮᠠᠨ ᠰᠠᠷ᠎ᠠ᠎ᠶᠢᠨ ᠲᠡᠷᠭᠡᠯ ᠪᠠᠶᠠᠷᠪᠠ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠮᠠᠨ᠎ᠤ ᠤᠷᠤᠨ᠎ᠤ ᠪᠥᠬᠥ ᠨᠡᠢᠭᠡᠮ᠎ᠦᠨ ᠣᠷᠣᠨ᠎ᠪᠦᠰᠡ ᠠᠯᠤᠰᠯᠠᠬᠤ ᠬᠥᠮᠥᠰ᠎ᠦᠨ ᠰᠢᠯᠵᠢᠯᠲᠡ᠎ᠶᠢᠨ ᠬᠡᠮᠵᠢᠶ᠎ᠡ 4500 ᠲᠦᠮᠡᠨ ᠬᠥᠮᠥᠨ ᠤᠳᠠᠭ᠎ᠠ᠎ᠶᠢ ᠳᠠᠪᠠᠵᠤ᠂ᠪᠥᠬᠥ ᠣᠷᠣᠨ᠎ᠤ ᠲᠦᠷᠭᠡᠨ᠎ᠤ ᠵᠠᠰᠠᠮᠠᠯ ᠵᠠᠮ᠎ᠤᠨ ᠮᠠᠰᠢᠨ ᠲᠡᠷᠭᠡᠨ᠎ᠦ ᠤᠷᠤᠰᠴᠠ ᠵᠢᠨ ᠶᠡᠷᠦᠩᠬᠡᠢ ᠬᠡᠮᠵᠢᠶ᠎ᠡ599 ᠲᠦᠮᠡ᠎ᠳᠦ ᠬᠦᠷᠬᠦ ᠪᠣᠯᠣᠨ᠎ᠠ᠂ ᠡᠭᠦᠨ᠎ᠳᠦ ᠠᠶᠠᠨᠴᠢᠳ᠎ᠤᠨ ᠮᠠᠰᠢᠨ ᠲᠡᠷᠭᠡᠨ᠎ᠦ ᠤᠷᠤᠰᠴᠠ᠎ᠵᠢᠨ ᠬᠡᠮᠵᠢᠶ᠎ᠡ᠎ᠶᠢᠨ ᠡᠵᠡᠯᠡᠬᠦ ᠬᠠᠷᠢᠴᠠᠯ 83% ᠠᠴᠠ ᠳᠡᠭᠡᠭᠰᠢ᠎ᠳᠦ ᠬᠦᠷᠴᠦ᠂ ᠥᠪᠡᠰᠦᠪᠡᠨ ᠲᠡᠷᠭᠡ ᠵᠢᠯᠤᠭᠣᠳᠴᠤᠶᠠᠪᠤᠵᠤ ᠰᠠᠭᠤᠬᠤ ᠨᠢ ᠮᠥᠨ ᠯᠡ ᠣᠯᠠᠨ ᠨᠡᠶ᠋ᠢᠲᠡ᠎ᠶᠢᠨ ᠭᠣᠣᠯ ᠰᠣᠩᠭᠣᠯᠲᠠ ᠪᠣᠯᠵᠤ᠂ ᠰᠢᠨ᠎ᠡ ᠡᠨᠧᠷᠭᠢ᠎ᠶᠢᠨ ᠮᠠᠰᠢᠨᠲᠡᠷᠭᠡᠨᠦ ᠡᠵᠡᠯᠡᠬᠦ ᠬᠠᠷᠢᠴᠠᠯ ᠤᠯᠠᠮ ᠨᠢᠭᠡ ᠠᠯᠬᠤᠮ ᠳᠡᠭᠡᠭᠰᠢᠯᠡᠬᠦ ᠪᠣᠯᠣᠨ᠎ᠠ᠃
ᠲᠥᠰᠥᠭᠡᠯᠡᠭᠰᠡᠨ᠎ᠢᠶᠡᠷ᠂ ᠭᠠᠵᠠᠷᠣᠷᠣᠨ᠂ ᠵᠠᠮ᠎ᠤᠨ ᠬᠡᠰᠡᠭ᠎ᠦᠨ ᠲᠠᠷᠬᠠᠯᠲᠠ ᠡᠴᠡ ᠦᠵᠡᠪᠡᠯ᠂ ᠮᠠᠰᠢᠨ ᠳᠡᠷᠬᠡᠨ ᠤ᠋ᠤᠷᠤᠰᠴᠠ ᠨᠢ ᠭᠣᠣᠯᠳᠠᠭᠤ ᠬᠥᠬᠡᠬᠣᠲᠠ᠂ ᠤᠯᠠᠭᠠᠨᠴᠠᠪ᠂ ᠣᠷᠳᠣᠰ ᠪᠣᠯᠣᠨ ᠤᠯᠠᠭᠠᠨᠬᠠᠳᠠ ᠵᠡᠷᠭᠡ ᠠᠢᠮᠠᠭ ᠬᠣᠲᠠᠳᠤᠲᠥᠪᠯᠡᠷᠡᠵᠦ᠂ G6 ᠪᠡᠭᠡᠵᠢᠩ᠎ᠡᠴᠡ ᠲᠥᠪᠡᠳ ᠬᠦᠷᠬᠦ ᠲᠦᠷᠭᠡᠨᠤᠵᠠᠰᠠᠮᠠᠯ ᠵᠠᠮ᠂ G65 ᠪᠤᠭᠤᠲᠤ ᠡᠴᠡ ᠮᠤᠤᠮᠢᠩ ᠬᠦᠷᠬᠦ ᠲᠦᠷᠭᠡᠨ᠎ᠤ ᠵᠠᠰᠠᠮᠠᠯᠵᠠᠮ᠂ G45 ᠳ᠋ᠠᠴᠢᠩ ᠡᠴᠡ ᠭᠤᠸᠠᠩᠵᠸᠤ ᠬᠦᠷᠬᠦ ᠲᠦᠷᠭᠡᠨ᠎ᠤ ᠵᠠᠰᠠᠮᠠᠯᠵᠠᠮ ᠵᠢᠡᠷ ᠮᠠᠰᠢᠨ ᠲᠡᠷᠭᠡᠨ᠎ᠦ ᠤᠷᠤᠰᠴᠠ ᠨᠢᠭ᠍ᠲᠠᠷᠠᠵᠤ᠂ G6 ᠪᠡᠭᠡᠵᠢᠩᠡᠴᠡᠲᠥᠪᠡᠳ ᠬᠦᠷᠬᠦ ᠲᠦᠷᠭᠡᠨ᠎ᠤ ᠵᠠᠰᠠᠮᠠᠯ ᠵᠠᠮ᠎ᠤᠨ ᠮᠠᠰᠢᠨ ᠳᠡᠷᠬᠡᠨ ᠤ᠋ ᠤᠷᠤᠰᠴᠠ ᠵᠢᠨ ᠬᠡᠮᠵᠢᠶ᠎ᠡ ᠬᠠᠮᠤᠭᠤᠨᠶᠡᠬᠡ ᠪᠣᠯᠣᠨ᠎ᠠ᠃ ᠲᠦᠷᠭᠡᠨᠤᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠤᠨ ᠲᠡᠷᠭᠡᠨ᠎ᠦ ᠴᠤᠪᠤᠷᠠᠯ᠎ᠠᠴᠠ ᠦᠵᠡᠪᠡᠯ᠂ G6 ᠪᠡᠭᠡᠵᠢᠩᠡᠴᠡᠲᠥᠪᠡᠳ ᠬᠦᠷᠬᠦ ᠲᠦᠷᠭᠡᠨ᠎ᠤ ᠵᠠᠰᠠᠮᠠᠯ ᠵᠠᠮ᠎ᠤᠨ ᠬᠠᠷᠠᠤ᠋ᠰᠤ᠂ᠰᠠᠷᠠᠴᠢᠨ᠂ ᠬᠥᠬᠡᠬᠣᠲᠠ᠎ᠶᠢᠨ ᠪᠠᠷᠠᠭᠤᠨ᠂ G7 ᠪᠡᠭᠡᠵᠢᠩ᠎ᠡᠴᠡ ᠰᠢᠨᠵᠢᠶᠠᠩᠬᠦᠷᠬᠦ ᠲᠦᠷᠭᠡᠨ᠎ᠤ ᠵᠠᠰᠠᠮᠠᠯ ᠵᠠᠮ᠎ᠤᠨ ᠱᠢ ᠪᠠ ᠲᠠᠢ᠂ G65 ᠪᠤᠭᠤᠲᠤ᠎ᠡᠴᠡ ᠮᠤᠤᠮᠢᠩ ᠬᠦᠷᠬᠦ ᠲᠦᠷᠭᠡᠨ᠎ᠤ ᠵᠠᠰᠠᠮᠠᠯ ᠵᠠᠮ᠎ᠤᠨ ᠪᠦᠷᠢᠶ᠎ᠡ ᠮᠠᠩᠬ᠎ᠠ᠂ ᠴᠢᠩᠭᠢᠰ᠎ᠦᠨ ᠣᠩᠭᠣᠨ ᠵᠡᠷᠭᠡ ᠦᠢᠯᠡᠴᠢᠯᠡᠭᠡᠨᠦᠲᠣᠭᠣᠷᠢᠭ᠋ᠲᠤ ᠣᠬᠣᠷ ᠴᠠᠭ᠎ᠤᠨ ᠲᠡᠷᠭᠡᠨ᠎ᠦ ᠤᠷᠤᠰᠴᠠ ᠨᠢᠭ᠍ᠲᠠᠷᠠᠬᠤ ᠪᠠᠢᠳᠠᠯ ᠭᠠᠷᠴᠤ ᠮᠡᠳᠡᠨ᠎ᠡ᠃ ᠥᠪᠡᠷᠲᠡᠭᠡᠨᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ ᠨᠢᠭᠡᠨᠲᠡ ᠲᠦᠭᠵᠢᠷᠡᠯ᠎ᠢ ᠰᠢᠯᠤᠭᠤᠳᠬᠠᠵᠤᠨᠡᠪᠲᠡᠷᠡᠬᠦᠶᠢ ᠪᠠᠲᠤᠯᠠᠬᠤ ᠲᠥᠰᠥᠯ ᠲᠣᠭᠲᠠᠭᠠᠵᠤ᠂ ᠲᠦᠷᠭᠡᠨ᠎ᠦ ᠵᠠᠰᠠᠮᠠᠯ ᠵᠠᠮ᠎ᠤᠨ ᠲᠦᠭᠵᠢᠷᠡᠬᠦ 36 ᠬᠡᠰᠡᠭᠢᠪᠠᠢᠴᠠᠭᠠᠨ ᠭᠠᠷᠭᠠᠵᠤ᠂ ᠠᠵᠢᠯᠯᠠᠭ᠎ᠠ᠎ᠨᠢ ᠬᠢᠨᠠᠨ ᠬᠡᠮᠵᠢᠬᠦ ᠪᠠ ᠵᠠᠮ᠎ᠢᠶᠠᠷ ᠲᠣᠭᠣᠷᠢᠨ ᠪᠠᠢᠴᠠᠭᠠᠬᠤ ᠡᠷᠴᠢᠮᠢᠶᠡᠨᠴᠢᠩᠭᠠᠷᠠᠭᠤᠯᠵᠤ᠂ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷᠯᠦ᠍ᠭᠡᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠥᠩᠭᠡᠪᠲᠦᠷ ᠡᠨᠳᠡᠯ᠎ᠢ ᠲᠦᠷᠭᠡᠨ ᠰᠢᠢᠳᠪᠦᠷᠢᠯᠡᠬᠦᠠᠵᠢᠯ ᠢ᠋ ᠰᠠᠢᠲᠤᠷ ᠬᠢᠵᠦ᠂ ᠠᠪᠤᠷᠠᠨ ᠲᠤᠰᠠᠯᠠᠬᠤ ᠬᠦᠴᠦᠨ᠎ᠢ ᠪᠡᠯᠡᠳᠬᠡᠵᠦ᠂ ᠲᠦᠭᠵᠢᠷᠡᠯ᠎ᠢ ᠰᠢᠯᠤᠭᠤᠳᠬᠠᠵᠤ ᠨᠡᠪᠲᠡᠷᠡᠬᠦᠶᠢᠪᠠᠲᠤᠯᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃
ᠬᠠᠷᠠᠤ᠋ᠰᠤ᠂ ᠴᠡᠭᠡᠯ ᠵᠡᠷᠭᠡ22 ᠴᠠᠬᠢᠯᠭᠠᠨ ᠴᠡᠨᠡᠭᠯᠡᠬᠦ᠂ ᠲᠣᠰᠣ᠌ ᠨᠡᠮᠡᠬᠦ ᠳ᠋ᠤ ᠮᠥᠷᠯᠡᠬᠦ ᠪᠤᠯᠤᠮᠵᠢ ᠶᠡᠬᠡᠲᠡᠢ ᠦᠢᠯᠡᠴᠢᠯᠡᠭᠡᠨ᠎ᠦ ᠲᠣᠭᠣᠷᠢᠭ᠋ᠲᠤᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ᠎ᠡᠴᠡ 《ᠨᠢᠭᠡ ᠲᠣᠭᠣᠷᠢᠭ᠋ ᠲᠤ᠌ ᠨᠢᠭᠡ ᠲᠥᠷᠥ᠎ᠶᠢᠨ ᠪᠣᠳᠣᠯᠭ᠎ᠠ ᠠᠪᠬᠤ》 ᠪᠠᠲᠤᠯᠠᠭ᠎ᠠ᠎ᠶᠢᠨ ᠲᠥᠰᠥᠯ ᠲᠣᠭᠲᠠᠭᠠᠵᠤ᠂ ᠲᠦᠷ ᠴᠠᠭ᠎ᠤᠨ ᠲᠣᠰᠣ᠌ ᠨᠡᠮᠡᠬᠦ ᠴᠠᠬᠢᠯᠭᠠᠨᠴᠡᠨᠡᠭᠯᠡᠬᠦ ᠳᠦᠬᠦᠭᠡᠷᠦᠮᠵᠢ᠎ᠶᠢ ᠨᠡᠮᠡᠵᠦ ᠲᠣᠬᠢᠷᠠᠭᠤᠯᠬᠤ᠂ ᠡᠰᠡᠷᠬᠦ ᠲᠠᠯ᠎ᠠ ᠵᠢᠨ ᠦᠢᠯᠡᠴᠢᠯᠡᠭᠡᠨ᠎ᠦ ᠲᠣᠭᠣᠷᠢᠭ᠋ᠲᠤᠲᠣᠰᠣ᠌ ᠨᠡᠮᠡᠬᠦ ᠴᠠᠬᠢᠯᠭᠠᠨ ᠴᠡᠨᠡᠭᠯᠡᠬᠦ᠂ ᠲᠣᠭᠲᠠᠭᠰᠠᠨ ᠬᠡᠮᠵᠢᠶ᠎ᠡ᠎ᠲᠠᠢ ᠴᠠᠬᠢᠯᠭᠠᠨ ᠴᠡᠨᠡᠭᠯᠡᠬᠦ ᠵᠢᠵᠢᠯᠤᠭᠤᠳᠴᠤ᠂ ᠲᠤᠰᠬᠠᠢ ᠬᠥᠮᠥᠨ ᠲᠣᠬᠢᠷᠠᠭᠤᠯᠤᠨ ᠴᠠᠬᠢᠯᠭᠠᠨ ᠴᠡᠨᠡᠭᠯᠡᠬᠦ ᠡᠮᠬᠢ ᠵᠢᠷᠤᠮ᠎ᠢ ᠬᠠᠮᠢᠶᠠᠷᠬᠤ ᠵᠡᠷᠭᠡᠠᠷᠭ᠎ᠠ ᠬᠡᠮᠵᠢᠶ᠎ᠡ ᠠᠪᠴᠤ᠂ ᠴᠠᠬᠢᠯᠭᠠᠨ ᠴᠡᠨᠡᠭᠯᠡᠬᠦ ᠲᠣᠰᠣ᠌ ᠨᠡᠮᠡᠬᠦ ᠦᠢᠯᠡᠴᠢᠯᠡᠭᠡᠨ᠎ᠦ ᠪᠠᠲᠤᠯᠠᠭᠠᠶᠢᠨᠴᠢᠳᠠᠪᠤᠷᠢᠶᠢ ᠳᠡᠭᠡᠭᠰᠢᠯᠡᠭᠦᠯᠦᠨ᠎ᠡ᠃
ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃