ᠰᠣᠶᠣᠯ ᠤᠷᠠᠯᠢᠭ > ᠲᠡᠷᠭᠡᠯ ᠪᠠᠶᠠᠷ

2025-09-29 16:24:15

ᠵᠣᠬᠢᠶᠠᠭ᠍ᠴᠢ᠄ ᠵᠠᠩ ᠯᠤ᠌ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨᠵᠠᠰᠠᠬᠤ ᠣᠷᠣᠨ᠎ᠤ ᠺᠢᠨᠣ᠋᠎ᠶᠢᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤᠬᠣᠷᠢᠶ᠎ᠠ᠎ᠠᠴᠠ ᠬᠠᠮᠵᠢᠨ ᠡᠷᠭᠢᠯᠡᠵᠦ᠂ ᠮᠤᠤ ᠶᠠᠨ ᠵᠤᠭ᠎ᠠ ᠴᠡᠩᠭᠡᠯ ᠪᠣᠯᠣᠨ ᠲᠤᠤ ᠫᠢᠶᠤᠤ ᠫᠢᠶᠤᠤ ᠬᠠᠮᠲᠤ᠎ᠪᠠᠷᠳᠠᠭᠠᠭᠠᠴᠢᠯᠠᠨ ᠡᠷᠭᠢᠯᠡᠭᠰᠡᠨ 《2025 ᠥᠪᠥᠷ ᠮᠣᠩᠭᠣᠯ᠎ᠤᠨ ᠠᠷᠠᠳ᠎ᠲᠤ ᠠᠰᠢᠭ᠋ ᠬᠦᠷᠲᠡᠭᠡᠬᠦᠺᠢᠨᠣ᠋ ᠦᠵᠡᠬᠦ ᠠᠵᠢᠯᠯᠠᠭ᠎ᠠ》 9 ᠰᠠᠷ᠎ᠠ᠎ᠶᠢᠨ 27᠎ᠤ ᠡᠳᠦᠷᠵᠢᠩᠬᠢᠨᠢ᠎ᠪᠡᠷ ᠡᠬᠢᠯᠡᠪᠡ᠃ ᠠᠵᠢᠯᠯᠠᠭ᠎ᠠ ᠨᠢ ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠂ᠰᠢᠨ᠎ᠡ ᠵᠢᠯ ᠴᠠᠭᠠᠨ ᠰᠠᠷ᠎ᠠ ᠵᠡᠷᠭᠡ ᠪᠤᠰᠤᠳ ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ᠎ᠤᠨ ᠡᠳᠦᠷ ᠵᠢᠴᠢ2026 ᠣᠨ᠎ᠤ ᠵᠣᠨ᠎ᠤ ᠠᠮᠠᠷᠠᠯᠲᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ 2025 ᠣᠨ᠎ᠤ 10 ᠰᠠᠷ᠎ᠠ᠎ᠶᠢᠨ 1 ᠎ᠦ ᠡᠳᠦᠷ᠎ᠡᠴᠡᠡᠬᠢᠯᠡᠨ ᠺᠢᠨᠣ᠋ ᠦᠵᠡᠬᠦ ᠨᠥᠬᠥᠪᠦᠷᠢ ᠳᠠᠷᠬᠠᠭᠠᠨ᠎ᠠ᠃ ᠠᠵᠢᠯᠯᠠᠭ᠎ᠠ ᠨᠢ 《ᠵᠠᠰᠠᠭ᠎ᠤᠨ ᠣᠷᠳᠣᠨ ᠪᠡᠯᠡ ᠭᠠᠷᠭᠠᠵᠤ᠂ ᠲᠠᠪᠴᠠᠩ ᠡᠴᠡ ᠪᠡᠯᠡ ᠲᠣᠬᠢᠷᠠᠭᠤᠯᠬᠤ》 ᠠᠷᠭ᠎ᠠ ᠠᠪᠴᠠᠯ ᠠᠪᠴᠤ᠂ ᠡᠯ᠎ᠡ ᠲᠥᠷᠥᠯ᠎ᠦᠨ ᠡᠬᠢ ᠪᠠᠶᠠᠯᠢᠭ᠋᠎ᠢ ᠬᠤᠷᠠᠮᠳᠤᠭᠤᠯᠤᠨ᠂ ᠠᠷᠠᠳ᠎ᠲᠤᠠᠰᠢᠭ᠋ ᠬᠦᠷᠲᠡᠭᠡᠬᠦ ᠨᠥᠬᠥᠪᠦᠷᠢ ᠪᠡᠯᠡ ᠮᠥᠩᠭᠥ᠎ᠶᠢ 1000 ᠲᠦᠮᠡᠨ ᠲᠥᠭᠥᠷᠢᠭ ᠣᠷᠣᠭᠤᠯᠵᠤ᠂ ᠦᠵᠡᠭᠴᠢᠳ᠎ᠤᠨ ᠠᠳᠠᠯᠢᠪᠤᠰᠤ ᠬᠤᠭᠤᠴᠠᠭᠠᠨ ᠳ᠋ᠤ ᠬᠠᠷᠠᠭᠠᠯᠵᠠᠯᠲᠤ ᠺᠢᠨᠣ᠋ ᠦᠵᠡᠭᠦ ᠵᠢ ᠪᠡᠶᠡᠯᠡᠭᠦᠯᠵᠦ᠂ ᠠᠷᠠᠳ ᠣᠯᠠᠨ᠎ᠤ ᠰᠣᠶᠣᠯ᠎ᠤᠨᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠤᠨ᠎ᠠ᠃


8c96ab223094149e5d18088185ed2481.jpg


ᠲᠣᠰ ᠤᠳᠠᠭᠠᠨ᠎ᠤ ᠠᠵᠢᠯᠯᠠᠭ᠎ᠠ᠎ᠳᠤᠣᠯᠠᠨ ᠳᠠᠪᠬᠤᠷ ᠨᠥᠬᠥᠪᠦᠷᠢ ᠠᠰᠠᠷᠠᠮᠵᠢ ᠣᠯᠭᠣᠵᠤ᠂ ᠬᠡᠷᠡᠭᠯᠡᠭᠴᠢᠳ ᠬᠠᠮᠤᠭ ᠥᠨᠳᠥᠷ᠎ᠲᠡᠬᠡᠨ 60 ᠲᠥᠭᠥᠷᠢᠭ᠎ᠦᠨᠺᠢᠨᠣ᠋᠎ᠶᠢᠨ ᠬᠡᠷᠡᠭᠯᠡᠭᠡᠨ᠎ᠦ ᠲᠡᠮᠳᠡᠭᠲᠦ ᠤᠯᠵᠥ ᠪᠣᠯᠣᠨ᠎ᠠ᠃ ᠨᠥᠬᠥᠪᠦᠷᠢ ᠣᠯᠬᠤ ᠠᠷᠭ᠎ᠠ ᠵᠠᠮ ᠨᠢ ᠣᠯᠠᠨᠭᠣᠣᠯ ᠪᠣᠯᠬᠤ ᠲᠠᠪᠴᠠᠩ᠎ᠢ ᠬᠠᠮᠤᠷᠴᠤ᠂ ᠦᠵᠡᠭᠴᠢᠳ ᠲᠠᠯ᠎ᠠ ᠨᠤᠲᠤᠭ᠎ᠤᠨ ᠡᠭᠦᠯᠡ APP᠂ᠮᠤᠤ ᠶᠠᠨ App᠂ ᠵᠢᠷᠬᠢᠶ᠎ᠡ App - ᠦᠢᠯᠡᠴᠢᠯᠡᠭᠡ- ᠺᠢᠨᠣ᠋ ᠲᠣᠭᠯᠠᠯᠲᠠ ᠵᠤᠭ᠎ᠠ ᠴᠡᠩᠭᠡᠯ ᠂ ᠮᠧᠶ ᠲᠣᠸᠠᠨ App - ᠺᠢᠨᠣ᠋ \\ ᠲᠣᠭᠯᠠᠯᠲᠠ᠂ᠳᠠ ᠵᠦᠩ ᠳ᠋ᠢᠶᠠᠨ ᠫᠢᠩ App - ᠺᠢᠨᠣ᠋ \\ ᠲᠣᠭᠯᠠᠯᠲᠠᠵᠢᠴᠢ ᠲᠤᠤ ᠫᠢᠶᠤᠤ ᠫᠢᠶᠤᠤ APP᠂ ᡁᠢ ᠹᠦ ᠪᠤᠤ APP ( ᠲᠤᠤᠫᠢᠶᠤᠤ ᠫᠢᠶᠤᠤ ᠵᠢᠵᠢᠭ ᠫᠷᠣᠭ᠌ᠷᠠᠮ᠎ᠢ ᠪᠠᠭᠲᠠᠭᠠᠨ᠎ᠠ )᠂ ᠲᠤᠤ ᠪᠦᠦ APP (ᠲᠤᠤᠫᠢᠶᠤᠤ ᠫᠢᠶᠤᠤ ᠵᠢᠵᠢᠭ ᠫᠷᠣᠭ᠌ᠷᠠᠮ᠎ᠢ ᠪᠠᠭᠲᠠᠭᠠᠨ᠎ᠠ)᠂ ᠵᠢᠷᠬᠢᠶ᠎ᠡ APP - ᠲᠤᠤᠫᠢᠶᠤᠤ ᠫᠢᠶᠤᠤ ᠺᠢᠨᠣ᠋ ᠵᠢᠵᠢᠭ ᠫᠷᠣᠭ᠌ᠷᠠᠮ᠂ ᠴᠤᠤᠷᠢᠶ᠎ᠠ APP - ᠲᠤᠤᠫᠢᠶᠤᠤ ᠫᠢᠶᠤᠤ ᠵᠢᠵᠢᠭ ᠫᠷᠣᠭ᠌ᠷᠠᠮ᠂ ᠳᠠ ᠮᠠᠢ App - ᠺᠢᠨᠣ᠋᠎ᠶᠢᠨ ᠰᠤᠪᠠᠭᠵᠡᠷᠭᠡ ᠲᠠᠪᠴᠠᠩ ᠵᠢᠨᠷ ᠨᠦᠬᠦᠪᠦᠷᠢ ᠵᠢ ᠬᠦᠷᠲᠡᠵᠦ ᠪᠤᠯᠤᠨ᠎ᠠ᠃ ᠨᠥᠬᠥᠪᠦᠷᠢ ᠥᠭᠬᠦ ᠬᠦᠷᠢᠶ᠎ᠡ ᠬᠡᠪᠴᠢᠶ᠎ᠡ ᠨᠢᠥᠪᠥᠷ ᠮᠣᠩᠭᠣᠯ᠎ᠤᠨ ᠪᠦᠬᠦ ᠺᠢᠨᠣ᠋ ᠲᠢᠶᠠᠲᠷ᠎ᠢ ᠬᠠᠮᠤᠷᠴᠤ᠂ ᠬᠡᠷᠡᠭᠯᠡᠭᠡᠨ᠎ᠤ ᠲᠡᠮᠳᠡᠭᠲᠤ ᠵᠢ ᠤᠯᠤᠬᠰᠠᠨ᠎ᠤ ᠳᠠᠷᠠᠭ᠎ᠠ ᠪᠢᠯᠧᠲ ᠬᠤᠳᠠᠯᠳᠤᠨ ᠠᠪᠬᠤᠦᠶ᠎ᠡ᠎ᠳᠦ ᠰᠢᠭᠤᠳ ᠰᠠᠭᠤᠯᠭᠠᠨ ᠪᠤᠳᠤᠵᠥ᠂ ᠺᠢᠨᠣ᠋ ᠦᠵᠡᠬᠦ᠎ᠳᠦ ᠲᠥᠬᠥᠮ ᠦᠵᠡᠭᠦᠯᠦᠨ᠎ᠡ᠃

ᠲᠣᠰ ᠤᠳᠠᠭᠠᠨ᠎ᠤ ᠠᠷᠠᠳ᠎ᠲᠤᠠᠰᠢᠭ᠋ ᠬᠦᠷᠲᠡᠭᠡᠬᠦ ᠺᠢᠨᠣ᠋ ᠦᠵᠡᠬᠦ ᠠᠵᠢᠯᠯᠠᠭ᠎ᠠ ᠨᠢ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨᠪᠣᠳᠣᠯᠭ᠎ᠠ ᠬᠢᠭᠡᠳ ᠴᠢᠨᠠᠷ ᠰᠠᠢᠲᠠᠢ ᠺᠢᠨᠣ᠋ ᠲᠧᠯᠸᠢᠰ᠎ᠦᠨ ᠠᠭᠤᠯᠭ᠎ᠠ᠎ᠶᠢ ᠭᠦᠨᠵᠡᠭᠡᠢ ᠤᠶᠠᠯᠳᠤᠭᠤᠯᠵᠤ᠂ ᠣᠯᠠᠨᠲᠦᠮᠡᠨ᠎ᠦ ᠺᠢᠨᠣ᠋ ᠦᠵᠡᠬᠦ ᠦᠪᠡᠷ᠎ᠤᠨ ᠦᠷᠲᠡᠭ᠎ᠢ ᠪᠠᠭᠤᠷᠠᠭᠤᠯᠤᠭᠰᠠᠨ ᠮᠥᠷᠲᠡᠭᠡᠨ ᠪᠠᠰᠠ ᠰᠢᠯᠢᠳᠡᠭ ᠺᠢᠨᠣ᠋᠎ᠳᠤᠨᠠᠩ ᠥᠷᠭᠡᠨ ᠳᠡᠯᠭᠡᠷ ᠤᠯᠠᠮᠵᠢᠯᠠᠨ ᠲᠠᠷᠬᠠᠭᠠᠬᠤ ᠲᠠᠪᠴᠠᠩ ᠬᠠᠩᠭᠠᠭᠰᠠᠨ ᠪᠠᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面