2025-07-16 09:50:08
7 ᠰᠠᠷ᠎ᠠ᠎ᠶ᠋ᠢᠨ 15 ᠤ᠋ ᠡᠳᠦᠷ᠂ ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶ᠋ᠢᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠤᠢ᠍ᠢᠯᠠᠭᠠᠭ᠍ᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠱᠠᠩᠨᠠᠯ᠎ᠤᠨ ᠮᠧᠳᠠᠯ ᠢ᠋ ᠵᠢᠩᠬᠢᠨᠢ᠎ᠪᠡᠷ ᠨᠠᠢᠳᠠᠯᠠᠪᠠ᠃

ᠱᠠᠩᠨᠠᠯ᠎ᠤᠨ ᠮᠧᠳᠠᠯ᠎ᠢ ᠲᠣᠰ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠰᠦᠯᠳᠡ᠎ᠶ᠋ᠢᠨ 《ᠡᠷᠡᠮᠡᠭᠡᠢᠯᠡᠨ ᠤᠷᠤᠭ᠍ᠰᠢᠯᠠᠬᠤ》 ᠪᠠᠷ ᠭᠤᠤᠯ ᠬᠥᠭ ᠠᠶᠠᠰ ᠪᠣᠯᠭᠠᠨ ᠵᠢᠷᠤᠵᠤ ᠲᠥᠯᠥᠪᠯᠡᠨ᠂ ᠨᠢᠭᠡ ᠲᠠᠯ᠎ᠠ᠎ᠳ᠋ᠤ᠎ᠨᠢ ᠴᠤᠬᠯᠠᠭᠠᠨ᠎ᠤ ᠰᠦᠯᠳᠡ᠎ᠶ᠋ᠢᠨ《ᠡᠷᠡᠮᠡᠭᠡᠢᠯᠡᠨ ᠤᠷᠤᠭ᠍ᠰᠢᠯᠠᠬᠤ》 ᠬᠡ ᠤᠭᠠᠯᠵᠠ ᠵᠢ ᠰᠡᠢᠯᠦᠨ ᠳᠠᠷᠤᠮᠠᠯᠯᠠᠵᠤ᠂ ᠨᠥᠭᠥᠭᠡ ᠲᠠᠯ᠎ᠠ᠎ᠳ᠋ᠤ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ》᠂ 《2025·ᠤᠯᠠᠭᠠᠨᠬᠠᠳᠠ》 ᠬᠡᠬᠦ ᠦᠰᠦᠭ ᠵᠢᠴᠢ ᠬᠦᠷᠳᠡᠭᠰᠡᠨ ᠱᠠᠩᠨᠠᠯ᠎ᠤᠨ ᠵᠦᠢᠯ᠎ᠢ ᠰᠡᠢᠯᠵᠦ᠍᠂ ᠲᠣᠰ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ 《logo》 ᠪᠠᠢᠬᠤ ᠮᠥᠷᠳᠡᠭᠡᠨ ᠪᠠᠰᠠ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠤᠭᠤᠴᠠᠭ᠎ᠠ ᠤᠳᠠᠭ᠎ᠠ᠂ ᠡᠷᠭᠢᠯᠡᠭᠰᠡᠨ ᠴᠠᠭ ᠵᠢᠴᠢ ᠭᠠᠵᠠᠷ᠎ᠢ ᠲᠣᠳᠣᠷᠬᠠᠢᠯᠠᠵᠤ᠂ 《ᠨᠠᠩ ᠲᠦᠷᠭᠡᠨ᠂ ᠨᠠᠩ ᠥᠨᠳᠥᠷ᠂ ᠨᠠᠩ ᠬᠦᠴᠦᠷᠭᠡᠭ᠂ ᠨᠠᠩ ᠪᠦᠯᠬᠦᠮᠳᠡᠯ᠎ᠲᠡᠶ》 ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠬᠦ᠌᠎ᠶ᠋ᠢ ᠪᠡᠯᠭᠡᠳᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃