2025-07-16 16:29:33
7 ᠰᠠᠷ᠎ᠠ᠎ᠶᠢᠨ 15᠎ᠤ ᠡᠳᠦᠷ᠂ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶᠢᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠡᠴᠡ ᠣᠢᠯᠠᠭᠠᠭᠰᠠᠨ᠎ᠢᠶᠠᠷ᠂ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤᠦᠨᠳᠦᠰᠦᠲᠡᠨᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠱᠠᠩᠨᠠᠯ᠎ᠤᠨ ᠮᠧᠳᠠᠯ᠎ᠢ ᠵᠢᠩᠬᠢᠨᠢᠪᠡᠷᠨᠡᠢᠲᠡᠯᠡᠪᠡ᠃

ᠱᠠᠩᠨᠠᠯ᠎ᠤᠨ ᠮᠧᠳᠠᠯ᠎ᠢ ᠲᠤᠰᠬᠤᠭᠤᠴᠠᠭᠠᠨᠤ ᠪᠡᠶ᠎ᠡ᠎ᠶᠢᠨ ᠲᠠᠮᠢᠷ᠎ᠤᠨ ᠴᠤᠭᠯᠠᠭᠠᠨ ᠤ ᠰᠦᠯᠳᠡ᠎ᠶᠢᠨ《ᠡᠷᠡᠮᠡᠬᠡᠢᠯᠡᠨ ᠤᠷᠤᠭᠰᠢᠯᠠᠬᠤ》᠎ᠪᠠᠷ ᠭᠣᠣᠯ ᠬᠥᠭᠠᠶᠠᠰ ᠪᠣᠯᠭᠠᠨ ᠵᠢᠷᠤᠵᠤ ᠲᠥᠯᠥᠪᠯᠡᠨ᠂ ᠨᠢᠭᠡ ᠲᠠᠯ᠎ᠠ ᠳ᠋ᠤᠨᠢ ᠴᠤᠭᠯᠠᠭᠠᠨ᠎ᠤ ᠰᠦᠯᠳᠡ ᠶᠢᠨ《ᠡᠷᠡᠮᠡᠬᠡᠢᠯᠡᠨ ᠤᠷᠤᠭᠰᠢᠯᠠᠬᠤ》 ᠬᠡ ᠤᠭᠠᠯᠵᠠᠶᠢᠰᠡᠢᠯᠦᠨ ᠳᠠᠷᠤᠮᠠᠯᠯᠠᠵᠤ᠂ ᠨᠥᠭᠥᠭᠡ ᠲᠠᠯ᠎ᠠ ᠳ᠋ᠤᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ ᠠᠷᠪᠠᠨ ᠨᠢᠭᠡᠳᠦᠭᠡᠷ ᠬᠤᠭᠤᠴᠠᠭᠠᠨᠦᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ》᠂ 《2025·ᠤᠯᠠᠭᠠᠨᠬᠠᠳᠠ》 ᠭᠡᠬᠦ ᠦᠰᠦᠭ ᠵᠢᠴᠢ ᠮᠸᠲᠠᠯᠢ ᠬᠦᠷᠲᠡᠭᠦ ᠱᠠᠩᠨᠠᠯ᠎ᠤᠨ ᠲᠦᠷᠦᠯ ᠵᠦᠢᠯ᠎ᠢ ᠰᠡᠶ᠋ᠢᠯᠵᠦ᠂ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《logo》 ᠪᠠᠢᠬᠤ ᠪᠦᠭᠡᠳ ᠪᠡᠶ᠎ᠡ᠎ᠶᠢᠨ ᠲᠠᠮᠢᠷᠤᠨᠴᠤᠭᠯᠠᠭᠠᠨᠤ ᠬᠤᠭᠤᠴᠠᠭ᠎ᠠ᠂ ᠡᠷᠬᠢᠯᠡᠭᠰᠡᠨ ᠴᠠᠭ ᠵᠢᠴᠢ ᠭᠠᠵᠠᠷ᠎ᠢ ᠲᠣᠳᠣᠷᠬᠠᠢᠯᠠᠵᠤ᠂ 《ᠨᠠᠩ ᠲᠦᠷᠭᠡᠨ᠂ ᠨᠠᠩ ᠥᠨᠳᠥᠷ᠂ ᠨᠠᠩ ᠬᠦᠴᠦᠷᠬᠡᠭ᠂ ᠨᠠᠩ ᠪᠦᠯᠬᠦᠮᠳᠡᠯ᠎ᠲᠠᠢ》 ᠪᠠᠢᠬᠤ ᠪᠡᠶ᠎ᠡ᠎ᠶᠢᠨ ᠲᠠᠮᠢᠷᠤᠨᠬᠥᠳᠡᠯᠭᠡᠭᠡᠨᠦ ᠵᠣᠷᠢᠭ᠋ ᠰᠠᠨᠠᠭ᠎ᠠ᠎ᠶᠢ ᠦᠢᠯᠡᠳᠦᠯᠭᠡᠵᠢᠭᠦᠯᠬᠦ᠎ᠶᠢ ᠪᠡᠯᠭᠡᠳᠡᠵᠡᠢ᠃

ᠥᠪᠥᠷ ᠮᠣᠩᠭᠣᠯ᠎ᠤᠨ ᠥᠪᠡᠷᠲᠡᠭᠡᠨᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠦ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶᠡᠶᠢᠨᠲᠠᠮᠢᠷᠤᠨ ᠴᠤᠭᠯᠠᠭᠠᠨ 7 ᠰᠠᠷ᠎ᠠ᠎ᠶᠢᠨ 20᠎ᠤ ᠡᠳᠦᠷ ᠤᠯᠠᠭᠠᠨᠬᠠᠳᠠ᠎ᠳᠤ ᠡᠬᠢᠯᠡᠨ᠎ᠠ᠃
ᠢᠷᠡᠯᠲᠡ᠄ ᠲᠠᠯᠠᠨᠤᠲᠤᠬᠤᠨ ᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃