ᠰᠣᠶᠣᠯ ᠤᠷᠠᠯᠢᠭ > ᠠᠷᠪᠠᠨ ᠨᠢᠭᠡᠳᠦᠭᠡᠷ ᠬᠤᠭᠤᠴᠠᠭᠠᠨ᠎ᠤ᠋ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤ᠋ᠨ ᠴᠤᠭᠯᠠᠭᠠᠨ

2025-07-17 09:46:32

ᠵᠣᠬᠢᠶᠠᠭ᠍ᠴᠢ᠄ ᠱᠢᠶᠤᠤ ᠯᠦ᠍ ᠣᠩᠱᠢᠭ᠍ᠰᠠᠨ ᠣᠳᠠᠭ᠎ᠠ᠄ 3

ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠱᠠᠩᠨᠠᠯ᠎ᠤᠨ ᠬᠤᠨᠳᠠᠭ᠎ᠠ᠎ᠶ᠋ᠢ ᠨᠡᠢᠲᠡᠯᠡᠪᠡ


7 ᠰᠠᠷ᠎ᠠ᠎ᠶ᠋ᠢᠨ 16 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠡᠬᠢᠯᠡᠳᠡᠯ᠎ᠠ 10 ᠡᠳᠦᠷ ᠪᠤᠢ᠂ ᠰᠤᠷᠪᠤᠯᠵᠢᠯᠠᠭᠴᠢ ᠤᠯᠠᠭᠠᠨᠬᠠᠳᠠ ᠬᠤᠳᠠ ᠵᠢᠨ ᠦᠨᠳᠦᠰᠦᠳᠡᠨ ᠤ᠋ ᠬᠡᠷᠡᠭ ᠡᠷᠬᠢᠯᠡᠬᠦ ᠵᠦᠪᠯᠡᠯ ᠡᠴᠡ ᠤᠢᠯᠠᠭᠠᠭᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠤ᠋ ᠱᠠᠩᠨᠠᠯ᠎ᠤᠨ ᠬᠤᠨᠳᠠᠭ᠎ᠠ᠎ᠶ᠋ᠢ ᠵᠢᠩᠭᠢᠨᠢ ᠪᠡᠷ ᠨᠡᠢᠲᠡᠯᠡᠪᠡ᠃


1752717015880.png


ᠱᠠᠩᠨᠠᠯ᠎ᠤᠨ ᠬᠤᠨᠳᠠᠭ᠎ᠠ᠎ᠶ᠋ᠢᠨ ᠣᠷᠣᠶ᠎ᠶ᠋ᠢᠨ ᠬᠡᠰᠡᠭ ᠲᠤ᠌ 《ᠡᠷᠡᠮᠡᠬᠡᠢᠯᠡᠨ ᠤᠷᠤᠭᠰᠢᠯᠠᠬᠤᠢ》 ᠴᠤᠬᠯᠠᠭᠠᠨ᠎ᠤ ᠰᠦᠯᠳᠡ ᠵᠢ 45 ᠭᠷᠠᠳᠦ᠋ᠰ᠎ᠢᠶᠡᠷ ᠬᠡᠯᠪᠡᠢᠯᠭᠡᠨ ᠵᠤᠬᠢᠶᠠᠪᠠ; ᠭᠠᠳᠠᠷ ᠬᠡᠯᠪᠡᠷᠢ᠎ᠶ᠋ᠢ ᠨᠢ ᠮᠤᠰᠬᠢᠷᠠᠭ᠎ᠠ ᠬᠡᠯᠪᠡᠷᠢ ᠪᠡᠷ ᠵᠢᠷᠤᠵᠤ ᠲᠦᠯᠦᠪᠯᠡᠨ᠂ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ ᠳᠡᠭᠢ ᠡᠯ᠎ᠡ ᠦᠨᠳᠦᠰᠦᠲᠡᠨ᠎ᠦ ᠲᠠᠮᠢᠷᠴᠢᠳ᠎ᠤᠨ ᠢᠳᠡᠷᠡᠬᠦᠨ ᠲᠤᠷᠪᠢᠯᠢᠭ ᠳᠦᠷᠢ ᠲᠥᠷᠬᠦ᠌ ᠪᠠ ᠰᠢᠨᠳᠡᠷᠡᠰᠢ ᠦᠭᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠰᠠᠭᠤᠷᠢ ᠬᠡᠰᠡᠭ ᠎ᠢ ᠨᠢ ᠬᠤᠩᠱᠠᠨ ᠰᠣᠶᠣᠯ᠎ᠤᠨ ᠥᠩᠭᠡᠲᠦ ᠸᠠᠭᠠᠷ᠎ᠤᠨ ᠬᠤᠤᠰ ᠤᠷᠢᠶᠠᠮᠠᠭ ᠬᠡ ᠤᠭᠠᠯᠵᠠ ᠪᠡᠷ ᠬᠦᠷᠢᠶᠡᠯᠡᠭᠰᠡᠨ ᠪᠦᠭᠡᠳ《2025·ᠤᠯᠠᠭᠠᠨᠬᠠᠳᠠ》᠎ᠭᠡᠰᠡᠨ ᠦᠰᠦᠭ ᠰᠡᠢᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠦᠭᠰᠡᠨ ᠵᠢᠡᠷ ᠪᠠᠷᠠᠬᠤ ᠦᠭᠡᠢ ᠪᠠᠰᠠ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠭᠠᠵᠠᠷ ᠣᠷᠣᠨ ᠵᠢᠴᠢ ᠴᠠᠭ᠎ᠢ ᠲᠣᠳᠣᠷᠬᠠᠢᠯᠠᠵᠤ᠂ ᠡᠯ᠎ᠡ ᠦᠨᠳᠦᠰᠦᠲᠡᠨ᠎ᠦ ᠲᠠᠮᠢᠷᠴᠢᠳ ᠢ᠋ ᠲᠤᠰ ᠬᠤᠭᠤᠴᠠᠭᠠᠨ ᠤ᠋ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ᠎ᠪᠠᠷ ᠢᠷᠠᠭᠤ ᠠᠯᠳᠠᠷ᠎ᠢᠶᠠᠨ ᠪᠣᠯᠭᠠᠵᠤ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠵᠣᠷᠢᠭ᠍ᠵᠢᠭᠤᠯᠪᠠ᠃ ᠱᠠᠩᠨᠠᠯ᠎ᠤᠨ ᠬᠤᠨᠳᠠᠭ᠎ᠠ᠎ᠶ᠋ᠢ ᠪᠦᠬᠦᠯᠢ ᠴᠣᠭ᠍ᠴᠠ᠎ᠪᠠᠷ ᠨᠢ ᠴᠢᠳᠭᠤᠨ ᠦᠢᠯᠡᠳᠴᠤ᠂ ᠴᠠᠢᠷ᠎ᠤᠨ ᠬᠠᠢᠯᠤᠰᠢ ᠪᠡᠷ ᠬᠢᠵᠤ᠂ ᠭᠠᠳᠠᠷᠭᠤ ᠳ᠋ᠤᠨᠢ ᠠᠯᠲᠠ᠂ ᠮᠥᠩᠭᠥ᠌᠂ ᠵᠡᠰ᠎ᠢᠶᠡᠷ ᠦᠩᠭᠡᠯᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面