ᠰᠣᠶᠣᠯ ᠤᠷᠠᠯᠢᠭ > ᠠᠷᠪᠠ ᠶᠢᠰᠦᠳᠦᠭᠡᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2022-07-31 23:16:08

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

7 ᠰᠠᠷ᠎ᠠ ᠶ᠋ᠢᠨ 30 ᠤ᠋ ᠡᠳᠦᠷ᠂ ᠥᠪᠥᠷᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡᠭᠤᠤᠯᠯᠠᠨ ᠡᠷᠭᠢᠯᠡᠵᠦ᠍᠂ ᠥᠪᠥᠷ ᠮᠣᠩᠭᠣᠯ ᠤ᠋ᠨ ᠤᠷᠠᠨ ᠪᠢᠴᠢᠯᠭᠡᠲᠡᠳ ᠤ᠋ᠨ ᠡᠪᠯᠡᠯ ᠡᠴᠡ ᠳᠠᠭᠠᠭᠠᠴᠢᠯᠠᠨᠡᠷᠭᠢᠯᠡᠭ᠌ᠰᠡᠨ《ᠰᠢᠨ᠎ᠡ ᠴᠠᠭ ᠡᠷᠢᠨ ᠵᠢᠡᠨ ᠪᠢᠴᠢᠭᠯᠡᠵᠦ ᠪᠢᠷ ᠪᠡᠭᠡᠰ ᠵᠢᠡᠷ ᠢᠷᠠᠭᠤ ᠲᠤᠤᠯᠢᠰ ᠢ᠋ᠴᠠᠳᠢᠬᠯᠠᠨᠠᠮ》ᠨᠠᠶ᠋ᠮᠠᠳᠤᠭᠠᠷ ᠬᠤᠭᠤᠴᠠᠭᠠᠨ ᠤ᠋ ᠥᠪᠥᠷ ᠮᠣᠩᠭᠣᠯᠤ᠋ᠨ ᠥᠪᠡᠷᠲᠡᠭᠡᠨ ᠵᠠᠰᠠᠬᠤ ᠣᠷᠣᠨ ᠤ᠋ ᠤᠷᠠᠨ ᠪᠢᠴᠢᠯᠭᠡ ᠲᠠᠮᠠᠭ᠎ᠠ ᠰᠡᠢᠯᠦᠮᠡᠯ ᠤ᠋ᠨ ᠦᠵᠡᠬᠦᠯᠭᠡ ᠦᠪᠦᠷᠮᠤᠨᠭᠭᠤᠯ ᠤ᠋ᠨ ᠤᠷᠠᠨ ᠵᠢᠷᠤᠭ ᠤ᠋ᠨ ᠤᠷᠳᠤᠨ ᠳ᠋ᠤ ᠡᠬᠢᠯᠡᠪᠡ᠃ ᠡᠨᠡ ᠤᠳᠠᠭ᠎ᠠ ᠶ᠋ᠢᠨ ᠦᠵᠡᠰᠭᠦᠯᠡᠩ ᠳ᠋ᠤᠪᠦᠬᠦ᠌ ᠣᠷᠣᠨ ᠤ᠋ 1222 ᠬᠥᠮᠦᠨᠤ᠋ ᠳᠡᠪᠰᠢᠬᠦᠯᠦᠭᠰᠡᠨ ᠪᠦᠲᠦᠭᠡᠯ ᠢ᠋ ᠱᠠᠳᠤ ᠱᠠᠳᠤ ᠪᠠᠷ ᠰᠢᠭᠰᠢᠨ ᠱᠢᠯᠭᠠᠷᠠᠭᠤᠯᠵᠦ ᠂ 210 ᠪᠦᠲᠦᠭᠡᠯ(ᠬᠢᠨᠠᠨ ᠰᠢᠯᠭᠠᠷᠠᠭᠤᠯᠤᠯᠳᠠ ᠪᠡᠷᠳᠠᠮᠵᠢᠨ ᠦᠵᠡᠬᠦᠯᠬᠡ ᠳ᠋ᠤ ᠤᠷᠤᠯᠴᠠᠭᠰᠠᠨ 185 ᠪᠦᠳᠦᠭᠡᠯ ᠂ ᠤᠨᠴᠠ ᠤᠷᠢᠭᠰᠠᠨ 25 ᠪᠦᠳᠦᠭᠡᠯ)ᠢ᠋ ᠳᠡᠯᠭᠡᠨ ᠦᠵᠡᠬᠦᠯᠵᠦ ᠂ᠠᠳᠠᠯᠢ ᠪᠤᠰᠤ ᠦᠩᠬᠡ ᠲᠦᠷᠬᠦ ᠪᠡᠷ ᠦᠵᠡᠭᠴᠢ ᠤᠯᠠᠨ ᠤ᠋ ᠬᠠᠷᠠᠭ᠎ᠠ ᠵᠢ ᠪᠠᠶᠠᠰᠬᠠᠯ᠎ᠠ ᠃

ᠲᠤᠰ ᠦᠵᠡᠬᠦᠯᠬᠡ ᠪᠣᠯ ᠠᠷᠪᠠ ᠶᠢᠰᠦᠳᠦᠭᠡᠷᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠨᠢᠭᠡᠨ ᠴᠢᠬᠤᠯᠠᠠᠭᠤᠯᠭ᠎ᠠ ᠪᠠᠢᠵᠦ ᠂ ᠦᠵᠡᠬᠦᠯᠬᠡ ᠳ᠋ᠤ ᠤᠷᠤᠯᠴᠠᠭᠰᠠᠨ ᠪᠦᠳᠦᠭᠡᠯ ᠤ᠋ᠳ ᠨᠢ ᠡᠬᠡ ᠤᠯᠤᠰ ᠵᠢᠡᠨ ᠮᠠᠭ᠍ᠲᠠᠨ ᠳᠠᠭᠤᠯᠠᠵᠤ ᠂ ᠨᠠᠮ ᠵᠢᠡᠨ ᠮᠠᠭ᠍ᠲᠠᠨ ᠳᠠᠭᠤᠯᠠᠵᠤ ᠂ ᠠᠷᠠᠳ ᠲᠦᠮᠡᠨᠵᠢᠡᠨ ᠮᠠᠭ᠍ᠲᠠᠨ ᠳᠠᠭᠤᠯᠠᠵᠤ ᠂ ᠰᠠᠢᠨ ᠰᠠᠢᠬᠠᠨ ᠠᠮᠢᠳᠤᠷᠠᠯ ᠵᠢᠡᠨ ᠮᠠᠭ᠍ᠲᠠᠨ ᠳᠠᠭᠤᠯᠠᠵᠤ ᠂ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠵᠢᠲᠤᠰᠭᠠᠨ ᠂ ᠳᠤᠮᠳᠠᠳᠤ᠎ᠶ᠋ᠢᠨ ᠦᠨᠳᠦᠰᠦᠲᠡᠨ ᠤ᠋ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤᠴᠣᠭ᠍ᠴᠠᠯᠠᠵᠤ ᠂《ᠦᠵᠡᠰᠭᠦᠯᠡᠩᠲᠦ ᠰᠠᠢᠬᠠᠨ ᠳᠤᠮᠳᠠᠳᠤ ᠤᠯᠤᠰ》ᠤ᠋ᠨ ᠪᠥᠲᠥᠭᠡᠨ ᠪᠠᠢᠭᠤᠯᠤᠯᠲᠠ ᠵᠢᠴᠢ ᠮᠠᠨ ᠤ᠋ ᠣᠷᠣᠨ ᠤ᠋ ᠤᠯᠤᠰ ᠲᠥᠷᠥ᠍ ᠠᠵᠤ ᠠᠬᠤᠶᠰᠣᠶᠣᠯ ᠤ᠋ᠨ ᠪᠥᠬᠥ᠌ ᠲᠠᠯ᠎ᠠ ᠶ᠋ᠢᠨ ᠪᠥᠲᠥᠭᠡᠨ ᠪᠠᠢᠭᠤᠯᠤᠯᠲᠠ ᠶ᠋ᠢᠨ ᠤᠯᠤᠭᠰᠠᠨ ᠠᠮᠵᠢᠯᠲᠠ ᠪᠦᠲᠦᠮᠵᠢ ᠶ᠋ᠢᠲᠤᠰᠭᠠᠭ᠍ᠰᠠᠨ ᠤᠷᠠᠯᠢᠭ ᠤ᠋ᠨ ᠪᠦᠲᠦᠭᠡᠯ ᠤ᠋ᠳ ᠪᠤᠯᠬᠤ ᠶᠤᠮ ᠃ ᠤᠷᠠᠨ ᠪᠢᠴᠢᠯᠭᠡᠲᠡᠳ ᠤ᠋ᠨ ᠪᠦᠳᠦᠭᠡᠯ ᠨᠢ ᠲᠡᠦᠬᠡ ᠶ᠋ᠢ ᠪᠢᠴᠢᠭ᠌ᠯᠡᠵᠦ᠍ ᠪᠠᠢᠬᠤ ᠪᠠᠷᠪᠠᠷᠠᠬᠤ ᠥᠬᠡᠶ ᠂ ᠪᠠᠰᠠ ᠪᠥᠬᠥ᠌ ᠣᠷᠣᠨ ᠤ᠋ 2400 ᠲᠦᠮᠡᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠨᠠᠮ ᠤ᠋ᠨ ᠠᠴᠢ ᠳ᠋ᠤ ᠲᠠᠯᠠᠷᠬᠠᠵᠦ᠂ ᠡᠬᠡ ᠤᠯᠤᠰ ᠵᠢᠡᠨᠬᠠᠢᠷᠠᠯᠠᠨ ᠂ ᠨᠢᠭᠡ ᠭᠡᠷᠪᠦᠯᠢ ᠮᠡᠳᠦ ᠲᠤᠳᠤᠨᠤ ᠬᠠᠢᠷ᠎ᠠᠰᠡᠳᠭᠢᠯᠭᠡ ᠲᠠᠢ ᠪᠠᠢᠭ᠎ᠠ ᠪᠠᠬᠠᠳᠤᠮ᠎ᠠ ᠪᠠᠢᠳᠠᠯ ᠢ᠋ ᠲᠤᠰᠬᠠᠵᠠᠢ ᠃

ᠦᠵᠡᠬᠦᠯᠬᠡ ᠨᠢ ᠨᠢᠭᠡ ᠲᠠᠯ᠎ᠠ ᠪᠠᠷ ᠮᠠᠨ ᠤ᠋ᠣᠷᠣᠨ ᠤ᠋ ᠤᠷᠠᠨ ᠪᠢᠴᠢᠯᠭᠡ ᠲᠠᠮᠠᠭ᠎ᠠ ᠰᠡᠢᠯᠦᠮᠡᠯ ᠤ᠋ᠨ ᠵᠣᠬᠢᠶᠠᠨ ᠪᠦᠲᠦᠭᠡᠯᠭᠡ ᠶ᠋ᠢᠨ ᠲᠦᠪᠱᠢᠨ ᠢ᠋ᠳᠡᠭᠡᠭ᠌ᠰᠢᠯᠡᠭᠦᠯᠬᠦ᠌ ᠪᠠ ᠳᠡᠯᠭᠡᠨ ᠦᠵᠡᠭᠦᠯᠬᠦ᠌ ᠶ᠋ᠢ ᠠᠬᠢᠭᠤᠯᠵᠤ ᠂ ᠨᠦᠬᠦᠬᠡ ᠲᠠᠯ᠎ᠠ ᠪᠠᠷ ᠤᠷᠠᠨᠪᠢᠴᠢᠯᠭᠡ ᠶ᠋ᠢᠨ ᠤᠷᠠᠯᠢᠭ ᠤ᠋ᠨ ᠨᠡᠢᠭᠡᠮ ᠤ᠋ᠨ ᠦᠢᠯᠡᠳᠦᠯ ᠢ᠋ ᠪᠠᠳᠠᠷᠠᠭᠤᠯᠤᠨ᠂ ᠤᠷᠠᠨ ᠪᠢᠴᠢᠯᠭᠡ ᠶ᠋ᠢᠨᠤᠷᠠᠯᠢᠭ ᠢ᠋ ᠲᠦᠭᠡᠮᠡᠯᠵᠢᠭᠦᠯᠵᠦ᠍᠂ ᠥᠪᠥᠷ ᠮᠣᠩᠭᠣᠯ ᠵᠢᠡᠨ ᠰᠤᠷᠳᠠᠯᠴᠢᠯᠠᠨ ᠤᠬᠠᠭᠤᠯᠤᠭᠰᠠᠨᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面