ᠰᠣᠶᠣᠯ ᠤᠷᠠᠯᠢᠭ > ᠠᠷᠪᠠ ᠶᠢᠰᠦᠳᠦᠭᠡᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2022-07-29 16:11:26

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠ ᠶᠢᠰᠦᠳᠦᠭᠡᠷᠬᠤᠭᠤᠴᠠᠭᠠᠨ᠎ᠤ ᠳᠤᠮᠳᠠᠳᠤ ᠤᠯᠤᠰ·ᠥᠪᠥᠷ ᠮᠣᠩᠭᠣᠯ᠎ᠤᠨᠲᠠᠯ᠎ᠠ ᠨᠤᠲᠤᠭ᠎ᠤᠨ ᠰᠣᠶᠣᠯ᠎ᠤᠨ ᠨᠠᠢᠷ 7 ᠰᠠᠷ᠎ᠠ᠎ᠶ᠋ᠢᠨ 30᠎ᠤ ᠣᠷᠣᠶ ᠡᠬᠢᠯᠡᠨ᠎ᠡ᠃ ᠡᠨᠡ ᠵᠢᠯ᠎ᠦᠨ ᠲᠠᠯ᠎ᠠ ᠨᠤᠲᠤᠭ᠎ᠤᠨ ᠰᠣᠶᠣᠯ᠎ᠤᠨᠨᠠᠢᠷ᠎ᠤᠨ ᠣᠨᠴᠠᠯᠢᠭ ᠨᠢ ᠰᠣᠯᠢᠯᠴᠠᠭ᠎ᠠ ᠲᠤᠯᠢᠯᠠᠯ᠎ᠢ ᠳᠣᠪᠣᠢᠯᠭᠠᠬᠤ᠂ ᠰᠣᠳᠣᠨ ᠪᠦᠲᠦᠭᠡᠯ᠎ᠢ ᠬᠠᠷᠠᠭᠤᠯᠬᠤᠪᠠ ᠤᠷᠠᠯᠢᠭ᠎ᠤᠨ ᠬᠡᠯᠪᠡᠷᠢ ᠥᠷᠭᠡᠨ ᠳᠡᠯᠭᠡᠷ ᠣᠯᠠᠨ ᠶᠠᠩᠵᠤ᠎ᠶ᠋ᠢᠨ ᠪᠠᠢᠬᠤ ᠵᠢ ᠲᠤᠪᠤᠢᠯᠭᠠᠬᠤ ᠵᠡᠷᠭᠡᠭᠤᠷᠪᠠᠨ ᠲᠠᠯ᠎ᠠ᠎ᠪᠠᠷ ᠢᠯᠡᠷᠡᠵᠦ᠍ ᠪᠠᠢᠨ᠎ᠠ᠃

ᠲᠠᠨᠢᠯᠴᠠᠭᠤᠯᠤᠭ᠍ᠰᠠᠨ᠎ᠢᠶᠠᠷ᠂ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢᠷ᠎ᠤᠨ ᠡᠯ᠎ᠡ ᠵᠦᠢᠯ᠎ᠦᠨ ᠠᠵᠢᠯᠯᠠᠭ᠎ᠠ ᠪᠣᠯᠤᠨᠫᠷᠤᠭ᠌ᠷᠠᠮ᠎ᠤᠨ ᠪᠠᠢᠷᠢᠯᠠᠭᠤᠯᠤᠯᠲᠠ ᠨᠢ ᠦᠨᠳᠦᠰᠦᠲᠡᠨ᠎ᠦ᠂ ᠱᠢᠨᠵᠢᠯᠡᠬᠦ᠌ ᠤᠬᠠᠭᠠᠨᠴᠢ᠂ ᠤᠯᠠᠨ ᠲᠦᠮᠡᠨ᠎ᠦᠨᠡᠢᠭᠡᠮ ᠵᠢᠷᠤᠮ᠎ᠤᠨ ᠰᠣᠶᠣᠯ᠎ᠢ ᠨᠡᠩ ᠴᠢᠬᠤᠯᠠᠴᠢᠯᠠᠵᠤ᠂ ᠬᠠᠮᠳᠤ᠎ᠵᠢᠨ ᠴᠢᠨᠠᠷ᠎ᠢ ᠨᠡᠮᠡᠭ᠌ᠳᠡᠭᠦᠯᠬᠦ᠌᠂ ᠵᠥᠷᠢᠶᠡᠲᠦᠴᠢᠨᠠᠷ᠎ᠢ ᠪᠠᠭ᠍ᠲᠠᠭᠠᠬᠤ᠎ᠶ᠋ᠢ ᠨᠡᠩ ᠴᠢᠬᠤᠯᠠᠴᠢᠯᠠᠵᠤ᠂ 《ᠤᠷᠠᠯᠢᠭ᠎ᠤᠨ ᠦᠪᠡᠳᠡᠭ᠌ᠰᠢ ᠴᠤᠭ᠍ᠯᠠᠭᠠᠨ᠂ ᠠᠷᠠᠳ ᠲᠦᠮᠡᠨ᠎ᠦ ᠨᠢᠵᠢᠬᠢᠷ ᠪᠠᠶᠠᠷ》᠎ᠤᠨᠨᠠᠢᠷ ᠡᠷᠬᠢᠯᠡᠬᠦ᠌ ᠵᠣᠷᠢᠯᠲᠠ᠎ᠶ᠋ᠢ ᠨᠡᠩ ᠴᠢᠬᠤᠯᠠᠴᠢᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯᠡᠴᠡ ᠨᠠᠭᠠᠱᠢᠬᠢ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠠᠵᠢᠯ᠎ᠤᠨ ᠱᠢᠨ᠎ᠡ ᠳᠦᠷᠰᠦ ᠪᠠᠢᠳᠠᠯ᠂ ᠱᠢᠨ᠎ᠡᠵᠢᠳᠬᠦᠯ ᠴᠢᠷᠮᠠᠢᠯᠭ᠎ᠠ᠎ᠶ᠋ᠢ ᠭᠦᠢᠴᠡᠳ ᠢᠯᠡᠷᠡᠭᠦᠯᠬᠦ ᠪᠤᠯᠤᠨ᠎ᠠ᠃


微信图片_20220729161316.jpg

ᠲᠣᠰᠬᠤᠭᠤᠴᠠᠭᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢᠷ ᠎ᠨᠢ ᠬᠠᠷᠢᠯᠴᠠᠨ ᠰᠣᠯᠢᠯᠴᠠᠵᠤ ᠬᠠᠷᠢᠯᠴᠠᠨᠲᠣᠯᠢᠯᠠᠬᠤ᠎ᠶ᠋ᠢ ᠳᠣᠪᠣᠢᠯᠭᠠᠨ᠂ ᠰᠣᠶᠣᠯ᠎ᠢ ᠬᠠᠮᠲᠤ᠎ᠪᠠᠷ ᠡᠳ᠋ᠯᠡᠬᠦ᠌᠎ᠶ᠋ᠢ ᠡᠷᠴᠢᠮᠳᠠᠢ ᠠᠬᠢᠭᠤᠯᠵᠤ᠂ 25ᠵᠦᠶ᠋ᠯ᠎ᠦᠨ ᠠᠵᠢᠯᠯᠠᠭ᠎ᠠ᠎ᠶ᠋ᠢᠨ ᠳᠤᠮᠳᠠᠬᠢ 8 ᠵᠦᠶ᠋ᠯ᠎ᠨᠢ ᠣᠷᠣᠨ ᠎ᠤ ᠭᠠᠳᠠᠨᠠᠬᠢ ᠰᠣᠯᠢᠯᠴᠠᠭᠠᠨ᠎ᠤᠲᠣᠭ᠍ᠯᠠᠯᠲᠠ᠎ᠶ᠋ᠢᠨ ᠠᠵᠢᠯᠯᠠᠭ᠎ᠠ ᠪᠠᠢᠵᠤ᠂ ᠶᠡᠷᠦᠩᠬᠡᠶ ᠲᠣᠭᠠᠨ᠎ᠤ ᠭᠤᠷᠪᠠᠨ᠎ᠤ ᠨᠢᠭᠡ᠎ᠶ᠋ᠢ ᠡᠵᠡᠯᠡᠨ᠎ᠡ᠂ᠭᠤᠤᠯᠳᠠᠭᠤ ᠣᠯᠠᠨ ᠬᠦᠷᠢᠶᠡᠨ᠎ᠳᠡᠬᠢ ᠰᠣᠶᠣᠯ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ᠌ ᠎ᠪᠡᠷᠭᠠᠷᠳᠠᠴᠠ ᠪᠣᠯᠭᠠᠵᠤ᠂ ᠣᠷᠣᠨ ᠪᠦᠰᠡ ᠶ᠋ᠢᠨ ᠬᠣᠭᠣᠷᠣᠨᠳᠣᠬᠢ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠢᠠᠬᠢᠭᠤᠯᠤᠨ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠳᠤᠮᠳᠠᠳᠤ᠎ᠶ᠋ᠢᠨ ᠱᠢᠯᠢᠳᠡᠭᠤᠯᠠᠮᠵᠢᠯᠠᠯᠲᠤ ᠰᠣᠶᠣᠯ᠎ᠢ ᠭᠦᠨᠵᠡᠭᠡᠶ ᠠᠭᠤᠳᠠᠯᠵᠤ᠂ ᠰᠠᠢᠲᠤᠷ ᠤᠯᠠᠮᠵᠢᠯᠠᠨ ᠵᠠᠯᠭᠠᠮᠵᠢᠯᠠᠵᠤ᠂ ᠰᠠᠢᠲᠤᠷ ᠪᠠᠳᠠᠷᠠᠭᠤᠯᠤᠨ᠎ᠠ; ᠲᠣᠰ ᠬᠤᠭᠤᠴᠠᠭᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢᠷ᠎ᠨᠢ ᠰᠣᠳᠣᠨᠪᠦᠲᠦᠭᠡᠯ᠎ᠦᠨ ᠤᠬᠠᠮᠰᠠᠷ᠎ᠢ ᠳᠣᠪᠣᠢᠯᠭᠠᠵᠤ᠂ ᠠᠵᠢᠯᠯᠠᠭ᠎ᠠ ᠪᠠ ᠫᠷᠤᠭ᠌ᠷᠠᠮ᠎ᠤᠨ ᠲᠣᠬᠢᠷᠠᠭᠤᠯᠤᠯᠲᠠ ᠳᠡᠭᠡᠷ᠎ᠡᠰᠣᠳᠣᠨ ᠪᠦᠲᠦᠭᠡᠯ᠎ᠢ ᠳᠡᠯᠭᠡᠨ ᠦᠵᠡᠭᠦᠯᠬᠦ᠌᠎ᠪᠡᠷ ᠭᠤᠤᠯ ᠪᠣᠯᠭᠠᠨ᠂ ᠱᠢᠯᠢᠳᠡᠭ ᠵᠦᠴᠦᠭᠡ (ᠫᠷᠤᠭ᠌ᠷᠠᠮ)᠎ᠶ᠋ᠢᠨ ᠲᠣᠭ᠍ᠯᠠᠯᠲᠠ᠂ ᠠᠯᠳᠠᠷᠳᠤ ᠬᠥᠮᠦᠰ᠎ᠦᠨ ᠲᠠᠭᠤᠤ ᠵᠢᠨ ᠦᠳᠡᠰᠢᠯᠡᠭᠡ᠂ ᠰᠣᠩᠭᠣᠳᠠᠭ ᠳᠠᠭᠤᠤ᠎ᠶ᠋ᠢᠨ ᠦᠳᠡᠰᠢᠯᠡᠭᠡᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠵᠢᠱ᠌ᠢᠶ᠎ᠡ ᠦᠵᠡᠭᠦᠯᠦᠨ ᠬᠥᠲᠥᠯᠦᠨᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠴᠡᠴᠡᠭ᠌ᠯᠡᠨᠬᠥᠭ᠌ᠵᠢᠬᠦ᠌᠎ᠶ᠋ᠢ ᠠᠬᠢᠭᠤᠯᠤᠨ᠎ᠠ; ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠰᠣᠶᠣᠯ᠎ᠤᠨᠨᠠᠢᠷ᠎ᠤᠨ ᠤᠷᠠᠯᠢᠭ ᠎ᠤᠨ ᠬᠡᠯᠪᠡᠷᠢ ᠥᠷᠭᠡᠨ ᠳᠡᠯᠭᠡᠷ ᠣᠯᠠᠨ ᠶᠠᠩᠵᠤ᠎ᠶ᠋ᠢᠨ ᠪᠠᠢᠵᠤ᠂ ᠰᠣᠩᠭᠣᠳᠠᠭᠳᠠᠭᠤᠤ᠎ᠶ᠋ᠢᠨ ᠦᠳᠡᠰᠢᠯᠡᠭᠡ᠂ ᠣᠷᠣᠨ᠎ᠤ ᠭᠠᠳᠠᠨᠠᠬᠢ ᠰᠣᠳᠣᠨ ᠵᠦᠴᠦᠭᠡ(ᠫᠷᠤᠭ᠌ᠷᠠᠮ)᠂ᠨᠠᠢᠷᠠᠯ ᠬᠥᠭ᠌ᠵᠢᠮ᠎ᠦᠨ ᠴᠤᠭ᠍ᠯᠠᠭᠠᠨ᠂ ᠣᠯᠠᠨ ᠲᠦᠮᠡᠨ᠎ᠦ ᠰᠣᠶᠣᠯ ᠤᠷᠠᠯᠢᠭ᠎ᠤᠨ ᠠᠵᠢᠯᠯᠠᠭ᠎ᠠ᠂ ᠰᠣᠶᠣᠯᠤᠷᠠᠯᠢᠭ᠎ᠤᠨ ᠭᠣᠣᠯ ᠰᠡᠳᠦᠪᠲᠦ ᠦᠵᠡᠭᠦᠯᠭᠡ ᠵᠡᠷᠭᠡ ᠣᠯᠠᠨ ᠵᠦᠢᠯ᠎ᠦᠨ ᠬᠡᠯᠪᠡᠷᠢ ᠮᠠᠶᠢᠭ᠎ᠢ ᠴᠤᠭ᠍ᠯᠠᠭᠤᠯᠵᠤ᠂ᠲᠣᠭ᠍ᠯᠠᠯᠲᠠ᠎ᠶ᠋ᠢᠨ ᠪᠠᠢᠷᠢᠯᠠᠭᠤᠯᠤᠯᠲᠠ ᠨᠢ ᠵᠦᠢ ᠵᠣᠬᠢᠰᠲᠠᠶ᠂ ᠠᠭᠤᠯᠭ᠎ᠠ ᠨᠢ ᠭᠣᠢᠳᠠ ᠰᠠᠢᠬᠠᠨ ᠪᠠᠢᠵᠤ᠂ᠣᠯᠠᠨ ᠎ᠳᠤ ᠤᠷᠠᠯᠢᠭ ᠰᠣᠶᠣᠯ᠎ᠤᠨ ᠬᠦᠷᠲᠡᠭᠡᠯ ᠪᠤᠯᠤᠨ ᠵᠣᠷᠢᠭ ᠰᠠᠨᠠᠭᠠᠨ᠎ᠤ ᠠᠷᠢᠭᠤᠰᠬᠠᠯ ᠬᠦᠷᠲᠡᠭᠡᠬᠦ᠌ᠪᠣᠯᠤᠨ᠎ᠠ᠃

微信图片_20220729161322.jpg


ᠢᠷᠡᠯᠳᠡ᠄ ᠲᠠᠯ᠎ᠠ ᠨᠤᠳᠤᠭ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面