2022-07-28 17:03:34
ᠪᠤᠯᠤᠩ ᠨᠡᠭᠡᠭᠡᠬᠦ᠌ ᠦᠭᠡ
ᠠᠷᠪᠠ ᠶᠢᠰᠦᠳᠦᠭᠡᠷ ᠬᠤᠭᠤᠴᠠᠭᠠᠨᠤ ᠳᠤᠮᠳᠠᠳᠤ ᠤᠯᠤᠰ·ᠥᠪᠥᠷ ᠮᠣᠩᠭᠣᠯᠤᠨ ᠲᠠᠯ᠎ᠠ ᠨᠤᠲᠤᠭᠤᠨ ᠰᠣᠶᠣᠯᠤᠨ ᠨᠠᠢᠷ 7 ᠰᠠᠷᠠᠶ᠋ᠢᠨ 30 ᠤ᠋ ᠡᠳᠦᠷ ᠡᠬᠢᠯᠡᠨ᠎ᠡ᠃
ᠲᠣᠰ ᠬᠤᠭᠤᠴᠠᠭᠠᠨᠤ ᠲᠠᠯ᠎ᠠ ᠨᠤᠲᠤᠭᠤᠨ ᠰᠣᠶᠣᠯᠤᠨ ᠨᠠᠢᠷᠨᠢ ᠳᠤᠮᠳᠠᠳᠤᠶ᠋ᠢᠨ ᠦᠨᠳᠦᠰᠦᠲᠡᠨᠦ ᠠᠭᠤᠤ ᠶᠡᠬᠡ ᠰᠡᠷᠭᠦᠨ ᠮᠠᠨᠳᠤᠯᠲᠠᠶ᠋ᠢᠨ ᠴᠠᠭ ᠦᠶᠡᠶ᠋ᠢᠨ ᠭᠤᠤᠯ ᠰᠡᠳᠦᠪᠲᠦ ᠠᠩᠬᠠᠷᠤᠯᠢᠶᠠᠨ ᠲᠥᠪᠯᠡᠷᠡᠭᠦᠯᠵᠦ᠍᠂ ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠤᠬᠠᠮᠰᠠᠷᠢ ᠪᠠᠲᠤ ᠴᠣᠭ᠍ᠴᠠᠯᠠᠬᠤᠪᠠᠷ ᠭᠤᠤᠯ ᠱᠢᠵᠢᠮ ᠪᠣᠯᠭᠠᠵᠤ᠂《ᠤᠷᠠᠯᠢᠭᠤᠨ ᠦᠪᠡᠳᠡᠭ᠌ᠰᠢ ᠴᠤᠬᠯᠠᠭᠠᠨ ᠠᠷᠠᠳ ᠲᠦᠮᠡᠨᠦ ᠨᠢᠵᠢᠬᠢᠷ ᠪᠠᠶᠠᠷ》 ᠤ᠋ᠨ ᠨᠠᠢᠷ ᠡᠷᠬᠢᠯᠡᠬᠦ ᠵᠣᠷᠢᠯᠲᠠᠶ᠋ᠢ ᠨᠠᠩ ᠳᠣᠪᠣᠢᠯᠭᠠᠵᠤ᠂ ᠭᠤᠤᠯ ᠰᠡᠳᠦᠪ ᠲᠣᠪᠣᠢᠮ᠎ᠠ᠂ ᠰᠣᠳᠣᠨ ᠪᠦᠲᠦᠭᠡᠯ ᠡᠯᠪᠡᠭ᠂ ᠣᠯᠠᠨ ᠲᠦᠮᠡᠨ ᠮᠡᠳᠡᠷᠡᠬᠦ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ᠂ ᠰᠣᠶᠣᠯᠢ ᠬᠠᠮᠲᠤᠪᠠᠷ ᠡᠳ᠋ᠯᠡᠬᠦ᠌ ᠦᠪᠡᠳᠡᠭ᠌ᠰᠢ ᠴᠤᠬᠯᠠᠭᠠᠨ ᠢ᠋ ᠪᠥᠬᠥ᠌ ᠬᠦᠴᠦᠨᠢᠶᠡᠷᠢᠶᠡᠨ ᠴᠣᠭ᠍ᠴᠠᠯᠠᠬᠤ ᠪᠤᠯᠤᠨ᠎ᠠ᠃
ᠳᠤᠮᠳᠠᠳᠤ ᠤᠯᠤᠰᠤᠨ ᠳᠠᠭᠤᠯᠠᠯᠲᠤ ᠵᠦᠴᠦᠭᠡ ᠪᠥᠵᠢᠭ᠌ᠲᠦ ᠵᠦᠴᠦᠭᠡᠶ᠋ᠢᠨ ᠬᠦᠷᠢᠶᠡᠯᠡᠩ᠂ ᠳᠤᠮᠳᠠᠳᠤ ᠤᠯᠤᠰᠤᠨ ᠼᠢᠷᠺᠦᠨ ᠪᠦᠯᠬᠦᠮ᠂ ᠪᠡᠭᠡᠵᠢᠩᠦᠨ ᠳᠠᠭᠤᠤ ᠬᠥᠭ᠌ᠵᠢᠮᠦᠨ ᠨᠡᠢᠭᠡᠮᠯᠢᠭᠦᠨ ᠨᠠᠢᠷᠠᠯ ᠳᠠᠭᠤᠤᠶ᠋ᠢᠨ ᠪᠦᠯᠬᠦᠮ᠂ ᠳᠤᠮᠳᠠᠳᠤ ᠤᠯᠤᠰᠤᠨ ᠵᠢᠶᠠᠩᠨᠠᠨᠤ ᠤᠰᠤᠳᠤ ᠨᠤᠲᠤᠭᠤᠨ ᠰᠣᠶᠣᠯᠤᠨ ᠮᠦᠽᠧᠢ᠂ ᠯᠢᠶᠣᠤᠨᠢᠩ ᠮᠤᠵᠢᠶ᠋ᠢᠨ ᠮᠦᠽᠧᠢ᠂ ᠥᠨᠳᠥᠷ ᠲᠦᠪᠱᠢᠨ ᠪᠦᠬᠦᠢ ᠤᠳᠭ᠎ᠠ ᠤᠷᠠᠯᠢᠭᠤᠨ ᠬᠦᠷᠢᠶᠡᠯᠡᠩ ᠪᠦᠯᠬᠦᠮ ᠪᠣᠯᠤᠨ ᠲᠡᠤᠭᠡ ᠵᠢᠨ ᠲᠤᠷᠠᠰᠬᠠᠯᠳᠤ ᠵᠦᠢᠯᠡᠰ ᠮᠦᠽᠸᠢ ᠵᠢᠨ ᠪᠠᠢᠭᠤᠯᠭ᠎ᠠ ᠲᠤᠰ ᠬᠤᠭᠤᠴᠠᠭᠠᠨᠤ ᠲᠠᠯ᠎ᠠ ᠨᠤᠲᠤᠭᠤᠨ ᠰᠣᠶᠣᠯᠤᠨ ᠨᠠᠢᠷᠢ ᠨᠡᠩ ᠤᠯᠠᠨ ᠡᠱᠢᠵᠢᠬᠦᠯᠦᠨ ᠨᠡᠬᠡᠬᠡᠯᠳᠡᠲᠡᠶ ᠪᠣᠯᠭᠠᠨ᠎ᠠ; ᠰᠢ ᠵᠦᠴᠦᠭᠡᠶ᠋ᠢᠨ ᠨᠠᠷᠠᠲᠤ ᠬᠥᠮᠦᠰ ᠪᠣᠯᠤᠨ ᠣᠷᠣᠨᠤ ᠳᠣᠲᠣᠨ᠎ᠠ ᠭᠠᠳᠠᠨᠠᠬᠢ ᠨᠡᠷᠡᠳᠤ ᠳᠠᠭᠤᠴᠢᠳᠤᠨ ᠤᠷᠤᠯᠴᠠᠯᠭ᠎ᠠ ᠲᠣᠰ ᠬᠤᠭᠤᠴᠠᠭᠠᠨᠤ ᠲᠠᠯ᠎ᠠ ᠨᠤᠲᠤᠭᠤᠨ ᠰᠣᠶᠣᠯᠤᠨ ᠨᠠᠢᠷ ᠢ᠋ ᠨᠡᠩ ᠬᠦᠭᠵᠢᠶᠠᠨ ᠲᠠᠢ ᠪᠤᠯᠭᠠᠬᠤ ᠪᠤᠯᠤᠨ᠎ᠠ; 6 ᠶᠡᠬᠡ ᠬᠡᠰᠡᠭᠦᠨ 25 ᠵᠦᠶ᠋ᠯᠦᠨ ᠠᠵᠢᠯᠯᠠᠭ᠎ᠠ ᠨᠢ ᠲᠣᠰ ᠬᠤᠭᠤᠴᠠᠭᠠᠨᠤ ᠲᠠᠯ᠎ᠠ ᠨᠤᠲᠤᠭᠤᠨ ᠰᠣᠶᠣᠯᠤᠨ ᠨᠠᠢᠷ ᠤ᠋ᠨ ᠠᠭᠤᠯᠭ᠎ᠠ ᠵᠢ ᠪᠠᠶᠠᠯᠢᠭ ᠰᠠᠢᠬᠠᠨ ᠪᠤᠯᠭᠠᠬᠤ ᠪᠤᠯᠤᠨ᠎ᠠ᠃
ᠡᠨᠡ ᠡᠳᠦᠷᠡᠴᠡ ᠡᠬᠢᠯᠡᠨ᠂ ᠲᠤᠰ ᠰᠣᠨᠢᠨ ᠪᠦᠷᠢᠨ ᠵᠠᠭᠤᠴᠢᠯᠠᠭᠤᠷᠤᠨ ᠲᠠᠪᠴᠠᠩᠳᠤ《ᠠᠷᠪᠠ ᠶᠢᠰᠦᠳᠦᠭᠡᠷ ᠬᠤᠭᠤᠴᠠᠭᠠᠨᠤ ᠳᠤᠮᠳᠠᠳᠤ ᠤᠯᠤᠰ·ᠥᠪᠥᠷ ᠮᠣᠩᠭᠣᠯᠤᠨ ᠲᠠᠯ᠎ᠠ ᠨᠤᠲᠤᠭᠤᠨ ᠰᠣᠶᠣᠯᠤᠨ ᠨᠠᠢᠷ》 ᠭᠡᠬᠦ ᠲᠤᠰᠭᠠᠶ ᠪᠤᠯᠤᠩ ᠭᠠᠷᠭᠠᠵᠤ᠂ ᠲᠣᠰ ᠬᠤᠭᠤᠴᠠᠭᠠᠨᠤ ᠦᠪᠡᠳᠡᠭᠰᠢ ᠴᠤᠬᠯᠠᠭᠠᠨᠢ ᠣᠯᠠᠨ ᠬᠠᠷᠠᠭᠠᠰᠤ᠂ ᠪᠥᠬᠥ᠌ ᠲᠠᠯᠠᠪᠠᠷ ᠤᠬᠠᠭᠤᠯᠤᠨ ᠮᠡᠳᠡᠭᠡᠯᠡᠵᠦ᠍᠂ ᠲᠠᠨᠲᠠᠶ ᠬᠠᠮᠲᠤ ᠲᠠᠯ᠎ᠠ ᠨᠤᠲᠤᠭᠤᠨ ᠰᠣᠶᠣᠯᠤᠨ ᠨᠠᠢᠷᠤᠨ ᠭᠣᠢᠳᠠ ᠰᠠᠢᠬᠠᠨᠢ ᠰᠣᠨᠢᠷᠬᠠᠵᠤ᠂ ᠨᠠᠮᠤᠨ ᠬᠣᠷᠢᠳᠤᠭᠠᠷ ᠶᠡᠬᠡ ᠬᠤᠷᠠᠯᠤᠨ ᠢᠯᠠᠯᠳᠠᠲᠠᠶ ᠬᠤᠷᠠᠯᠳᠤᠬᠤᠶ᠋ᠢ ᠬᠠᠮᠲᠤᠪᠠᠷ ᠤᠭ᠍ᠲᠤᠬᠤ ᠪᠤᠯᠤᠨ᠎ᠠ᠃
《ᠤᠳᠠᠯ ᠦᠬᠡᠢ ᠡᠬᠢᠯᠡᠬᠦ ᠭᠡᠵᠦ ᠪᠠᠢᠭ᠎ᠠ ᠠᠷᠪᠠ ᠶᠢᠰᠦᠳᠦᠭᠡᠷ ᠬᠤᠭᠤᠴᠠᠭᠠᠨ ᠤ᠋ ᠲᠤᠮᠳᠠᠳᠤ ᠤᠯᠤᠰ·ᠦᠪᠤᠷ ᠮᠤᠩᠭᠤᠯ ᠤ᠋ᠨ ᠳᠠᠯ᠎ᠠ ᠨᠤᠲᠤᠭ ᠤ᠋ᠨ ᠰᠤᠶᠤᠯ ᠤ᠋ᠨ ᠨᠠᠢᠷ ᠨᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠵᠢ ᠳᠣᠪᠣᠢᠯᠭᠠᠬᠤ᠂ ᠰᠣᠳᠣᠨ ᠪᠦᠲᠦᠭᠡᠯ ᠤ᠋ᠨ ᠤᠬᠠᠮᠰᠠᠷ ᠢ᠋ ᠳᠣᠪᠣᠢᠯᠭᠠᠬᠤ ᠂ ᠤᠷᠠᠯᠢᠭ ᠤ᠋ᠨ ᠬᠡᠯᠪᠡᠷᠢ ᠨᠢ ᠥᠷᠭᠡᠨ ᠳᠡᠯᠭᠡᠷ ᠣᠯᠠᠨ ᠶᠠᠩᠵᠤ ᠶ᠋ᠢᠨ ᠪᠠᠢᠬᠤ ᠭᠤᠷᠪᠠᠨ ᠲᠠᠯ᠎ᠠ ᠪᠡᠷ ᠦᠩᠭᠡᠷᠡᠭᠰᠡᠨ 18 ᠬᠤᠭᠤᠴᠠᠭᠠᠨ ᠤ᠋ ᠲᠠᠯ᠎ᠠ ᠨᠤᠳᠤᠭ ᠤ᠋ᠨ ᠰᠤᠶᠤᠯ ᠤ᠋ᠨ ᠨᠠᠢᠷ ᠡᠴᠡ ᠤᠨᠴᠠᠯᠢᠭᠳᠠᠨ᠎ᠠ》ᠬᠡᠵᠤ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠤᠬᠠᠭᠤᠯᠬᠤ ᠬᠡᠯᠳᠡᠰ ᠤ᠋ᠨ ᠲᠡᠳ᠋ ᠲᠠᠷᠤᠭ᠎ᠠ ᠲᠢᠶᠠᠨ ᠷᠦᠢ ᠬᠤᠸᠠ ᠲᠦᠷᠦᠬᠦᠬᠡᠨ ᠶᠠᠪᠤᠭᠳᠠᠭᠰᠠᠨ ᠰᠤᠨᠢᠨ ᠮᠡᠳᠡᠬᠡ ᠨᠡᠢᠳᠡᠯᠡᠬᠦ ᠬᠤᠷᠠᠯ ᠲᠠᠬᠡᠷ᠎ᠠ ᠲᠠᠨᠢᠯᠴᠠᠭᠤᠯᠤᠯ᠎ᠠ ᠃
ᠲᠢᠶᠠᠨ ᠷᠦᠢ ᠬᠤᠸᠠ ᠵᠢᠨ ᠳᠠᠨᠢᠯᠴᠠᠭᠤᠯᠤᠭᠰᠠᠨ ᠵᠢᠡᠷ ᠂ ᠲᠤᠰ ᠬᠤᠭᠤᠴᠠᠭᠠᠨ ᠤ᠋ ᠲᠠᠯ᠎ᠠ ᠨᠤᠳᠤᠭ ᠤ᠋ᠨ ᠰᠤᠶᠤᠯ ᠤ᠋ᠨ ᠨᠠᠢᠷ ᠨᠢ ᠭᠤᠤᠯ ᠰᠡᠳᠦᠪ ᠲᠣᠪᠣᠢᠮ᠎ᠠ᠂ ᠠᠭᠤᠯᠭ᠎ᠠ ᠪᠠᠶᠠᠯᠢᠭ᠂ ᠣᠨᠴᠠᠯᠢᠭ ᠢᠯᠡ ᠲᠣᠳᠣ ᠪᠠᠢᠵᠤ᠂ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠶ᠋ᠢᠨ ᠴᠠᠭ ᠦᠶ᠎ᠡ ᠶ᠋ᠢᠨ ᠭᠣᠣᠯ ᠰᠡᠳᠦᠪ ᠪᠤᠯᠤᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠭᠤᠤᠯ ᠱᠢᠵᠢᠮ ᠤ᠋ᠨ ᠲᠤᠭᠤᠷᠢᠨ ᠳ᠋ᠤ ᠨᠡᠢᠭᠡᠮ ᠵᠢᠷᠤᠮ ᠤ᠋ᠨ ᠰᠣᠶᠣᠯ ᠢ᠋ ᠨᠡᠩ ᠲᠤᠪᠤᠢᠯᠭᠠᠵᠤ᠂ ᠨᠡᠢᠲᠡᠯᠢᠭ ᠴᠢᠨᠠᠷ ᠢ᠋ ᠨᠡᠮᠡᠭ᠌ᠳᠡᠭᠦᠯᠬᠦ᠌᠂ ᠵᠥᠷᠢᠶᠡᠲᠦ ᠴᠢᠨᠠᠷ ᠢ᠋ ᠪᠠᠭᠳᠠᠭᠠᠬᠤ ᠵᠢ ᠨᠡᠩ ᠴᠢᠩᠭᠠᠳᠬᠠᠨ᠂ 《ᠤᠷᠠᠯᠢᠭ ᠤ᠋ᠨ ᠦᠪᠡᠳᠡᠭ᠌ᠰᠢ ᠴᠤᠭ᠍ᠯᠠᠭᠠᠨ ᠠᠷᠠᠳ ᠲᠦᠮᠡᠨ ᠤ᠋ ᠨᠢᠵᠢᠬᠢᠷ ᠪᠠᠶᠠᠷ》 ᠤ᠋ᠨ ᠨᠠᠢᠷ ᠡᠷᠭᠢᠯᠡᠬᠦ᠌ ᠵᠣᠷᠢᠯᠲᠠ ᠶ᠋ᠢ ᠨᠡᠩ ᠴᠢᠬᠤᠯᠠᠴᠢᠯᠠᠵᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠡᠴᠡ ᠨᠠᠭᠠᠱᠢᠬᠢ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠠᠵᠢᠯ ᠤ᠋ᠨ ᠱᠢᠨ᠎ᠡ ᠳᠦᠷᠰᠦ ᠪᠠᠢᠳᠠᠯ᠂ ᠱᠢᠨ᠎ᠡ ᠠᠮᠵᠢᠯᠲᠠ ᠪᠦᠳᠦᠮᠵᠢ ᠵᠢ ᠭᠦᠢᠴᠡᠳ ᠲᠠᠯᠬᠡᠬᠦ ᠪᠤᠯᠤᠨ᠎ᠠ ᠃
ᠲᠣᠰ ᠬᠤᠭᠤᠴᠠᠭᠠᠨ ᠤ᠋ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠨᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠵᠢ ᠳᠣᠪᠣᠢᠯᠭᠠᠨ᠂ ᠰᠣᠶᠣᠯ ᠤ᠋ᠨ ᠰᠢᠮ᠎ᠠ ᠵᠢ ᠬᠠᠮᠲᠤ ᠪᠠᠷ ᠡᠳ᠋ᠯᠡᠬᠦ᠌ ᠵᠢ ᠬᠦᠴᠦᠯᠡᠨ ᠠᠬᠢᠭᠤᠯᠵᠤ ᠂ 25 ᠵᠦᠶ᠋ᠯ ᠤ᠋ᠨ ᠠᠵᠢᠯᠯᠠᠭ᠎ᠠ ᠲᠤᠳᠤᠷ᠎ᠠ ᠪᠠᠨ ᠣᠷᠣᠨ ᠤ᠋ ᠭᠠᠳᠠᠨᠠᠬᠢ ᠰᠣᠯᠢᠯᠴᠠᠭᠠᠨ ᠤ᠋ ᠲᠤᠭᠯᠠᠯᠳᠠ ᠵᠢᠨ 8 ᠵᠦᠶ᠋ᠯ ᠤ᠋ᠨ ᠠᠵᠢᠯᠯᠠᠭ᠎ᠠ ᠲᠤᠬᠢᠷᠠᠭᠤᠯᠵᠤ᠂ ᠭᠤᠤᠯᠳᠠᠭᠤ ᠣᠯᠠᠨ ᠬᠦᠷᠢᠶᠡᠨ ᠳ᠋ᠡᠬᠢ ᠰᠣᠶᠣᠯ ᠤ᠋ᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ᠌ ᠪᠡᠷ ᠭᠠᠷᠳᠠᠴᠠ ᠪᠤᠯᠭᠠᠨ ᠣᠷᠣᠨ ᠪᠦᠰᠡ ᠶ᠋ᠢᠨ ᠬᠣᠭᠣᠷᠣᠨᠳᠣᠬᠢ ᠰᠣᠶᠣᠯ ᠤ᠋ᠨ ᠰᠣᠯᠢᠯᠴᠠᠭ᠎ᠠ ᠠᠭᠤᠰᠤᠯᠴᠠᠯ ᠢ᠋ ᠠᠬᠢᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠭᠦᠨᠵᠡᠭᠡᠶ ᠠᠭᠤᠳᠠᠯᠵᠤ᠂ ᠰᠠᠢᠲᠤᠷ ᠤᠯᠠᠮᠵᠢᠯᠠᠵᠤ᠂ ᠰᠠᠢᠲᠤᠷ ᠪᠠᠳᠠᠷᠠᠭᠤᠯᠬᠤ ᠪᠣᠯᠤᠨ᠎ᠠ ; ᠰᠣᠳᠣᠨ ᠪᠦᠲᠦᠭᠡᠯ ᠤ᠋ᠨ ᠤᠬᠠᠮᠰᠠᠷ ᠢ᠋ ᠳᠣᠪᠣᠢᠯᠭᠠᠨ᠂ ᠰᠣᠳᠣᠨ ᠪᠦᠲᠦᠭᠡᠯ ᠤ᠋ᠨ ᠦᠵᠡᠬᠦᠯᠭᠡ ᠵᠢᠨ ᠲᠤᠭᠯᠠᠯᠳᠠ ᠪᠠᠷ ᠭᠤᠤᠯ ᠪᠣᠯᠭᠠᠵᠤ᠂ ᠱᠢᠯᠢᠳᠡᠭ ᠵᠦᠴᠦᠭᠡ(ᠫᠷᠤᠭ᠌ᠷᠠᠮ) ᠶ᠋ᠢᠨ ᠲᠣᠭ᠍ᠯᠠᠯᠲᠠ᠂ ᠰᠢ ᠳᠠᠭᠤᠤᠷᠢᠯᠢᠭ ᠤ᠋ᠨ ᠨᠠᠷᠠᠲᠤ ᠬᠥᠮᠦᠰ ᠤ᠋ᠨ ᠨᠠᠷᠠᠲᠤ ᠬᠡᠰᠡᠭ ᠤ᠋ᠨ ᠲᠣᠭ᠍ᠯᠠᠯᠲᠠ᠂ ᠰᠣᠩᠭᠣᠳᠠᠭ ᠳᠠᠭᠤᠤ ᠶ᠋ᠢᠨ ᠦᠳᠡᠰᠢᠯᠡᠬᠡ ᠵᠡᠷᠭᠡ ᠣᠯᠠᠨ ᠵᠦᠶ᠋ᠯ ᠤ᠋ᠨ ᠬᠡᠯᠪᠡᠷᠢ ᠪᠡᠷ ᠲᠠᠮᠵᠢᠨ ᠵᠢᠱ᠌ᠢᠶ᠎ᠡ ᠦᠵᠡᠭᠦᠯᠵᠤ ᠬᠥᠲᠥᠯᠥᠨ ᠳᠠᠭᠠᠭᠤᠯᠬᠤ ᠦᠶ᠋ᠯᠡᠳᠦᠯ ᠢ᠋ ᠪᠠᠳᠠᠷᠠᠭᠤᠯᠵᠤ᠂ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠴᠡᠴᠡᠭ᠌ᠯᠡᠨ ᠬᠥᠭ᠌ᠵᠢᠬᠦ᠌ ᠵᠢ ᠠᠬᠢᠭᠤᠯᠤᠨ᠎ᠠ᠃ ᠲᠤᠰ ᠬᠤᠭᠤᠴᠠᠭᠠᠨ ᠤ᠋ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠤᠷᠠᠯᠢᠭ ᠤ᠋ᠨ ᠬᠡᠯᠪᠡᠷᠢ ᠨᠢ ᠥᠷᠭᠡᠨ ᠳᠡᠯᠭᠡᠷ ᠣᠯᠠᠨ ᠶᠠᠩᠵᠤ ᠶ᠋ᠢᠨ ᠪᠠᠢᠵᠤ᠂ ᠰᠣᠩᠭᠣᠳᠠᠭ ᠳᠠᠭᠤᠤ ᠬᠥᠭ᠌ᠵᠢᠮ ᠤ᠋ᠨ ᠲᠣᠭ᠍ᠯᠠᠯᠲᠠ᠂ ᠣᠷᠣᠨ ᠤ᠋ ᠭᠠᠳᠠᠨᠠᠬᠢ ᠰᠣᠳᠣᠨ ᠵᠦᠴᠦᠭᠡ (ᠫᠷᠤᠭ᠌ᠷᠠᠮ)᠂ ᠨᠠᠢᠷᠠᠯ ᠬᠥᠭ᠌ᠵᠢᠮ ᠤ᠋ᠨ ᠴᠤᠭ᠍ᠯᠠᠭᠠᠨ᠂ ᠣᠯᠠᠨ ᠲᠦᠮᠡᠨ ᠤ᠋ ᠰᠣᠶᠣᠯ ᠤᠷᠠᠯᠢᠭ ᠤ᠋ᠨ ᠨᠠᠢᠷ᠂ ᠰᠣᠶᠣᠯ ᠤᠷᠠᠯᠢᠭ ᠤ᠋ᠨ ᠭᠣᠣᠯ ᠰᠡᠳᠦᠪᠲᠦ ᠦᠵᠡᠭᠦᠯᠭᠡ ᠵᠡᠷᠭᠡ ᠣᠯᠠᠨ ᠬᠡᠯᠪᠡᠷᠢ ᠪᠦᠬᠦᠢ ᠦᠵᠡᠬᠦᠯᠬᠡ ᠵᠢᠨ ᠲᠤᠭᠯᠠᠯᠳᠠ ᠭᠠᠷᠭᠠᠬᠤ ᠪᠣᠯᠤᠨ᠎ᠠ ᠃
ᠤᠢᠯᠠᠭᠠᠭᠰᠠᠨ ᠵᠢᠡᠷ᠂ ᠤᠷᠤᠨ ᠤ᠋ ᠭᠠᠳᠠᠨᠠᠬᠢ 8 ᠰᠤᠯᠢᠯᠴᠠᠭᠠᠨ ᠤ᠋ ᠲᠤᠭᠯᠠᠯᠳᠠ ᠳ᠋ᠤ ᠪᠡᠭᠡᠵᠢᠩ ᠤ᠋ᠨ ᠳᠠᠭᠤᠤ ᠬᠥᠭ᠌ᠵᠢᠮ ᠤ᠋ᠨ ᠨᠡᠢᠭᠡᠮᠯᠢᠭ ᠤ᠋ᠨ ᠨᠠᠢᠷᠠᠯ ᠳᠠᠭᠤᠤ ᠶ᠋ᠢᠨ ᠪᠦᠯᠬᠦᠮ᠂ ᠳᠤᠮᠳᠠᠳᠤ ᠤᠯᠤᠰ ᠤ᠋ᠨ ᠼᠢᠷᠺ ᠤ᠋ᠨ ᠪᠦᠯᠬᠦᠮ ᠵᠡᠷᠭᠡ ᠨᠡᠷᠡᠳᠤ ᠬᠦᠷᠢᠶᠡᠯᠡᠩ ᠪᠦᠯᠬᠦᠮ ᠢ᠋ ᠤᠷᠢᠵᠤ᠂ ᠲᠣᠮᠣ ᠬᠡᠯᠪᠡᠷᠢ ᠶ᠋ᠢᠨ ᠨᠠᠢᠷᠠᠯ ᠳᠠᠭᠤᠤ ᠶ᠋ᠢᠨ ᠲᠤᠤᠯᠢ 《ᠵᠠᠮᠴᠢᠯᠠᠭ᠍ᠴᠢ·ᠵᠠᠭᠤᠨ ᠵᠢᠯ ᠤ᠋ᠨ ᠬᠡᠷᠡᠯ ᠬᠢᠯᠪᠠᠭ᠎ᠠ》᠂《ᠲᠤᠷᠤᠨ᠎ᠠ ᠵᠦᠭ ᠲᠤᠶᠠᠭᠠᠷᠠᠯ᠎ᠠ》᠂ ᠳᠤᠮᠳᠠᠳᠤ ᠭᠠᠳᠠᠭᠠᠳᠤ ᠶ᠋ᠢᠨ ᠨᠡᠷᠡᠳᠤ ᠬᠥᠮᠦᠰ ᠤ᠋ᠨ ᠰᠣᠩᠭᠣᠳᠠᠭ ᠳᠠᠭᠤᠤ ᠬᠥᠭ᠌ᠵᠢᠮ ᠤ᠋ᠨ ᠦᠳᠡᠱᠢᠯᠡᠭᠡ᠂ ᠪᠥᠵᠢᠭ᠌ᠲᠦ ᠵᠦᠴᠦᠭᠡ 《ᠺᠦᠩᠽᠢ》 ᠵᠡᠷᠭᠡ ᠲᠤᠮᠤ ᠬᠡᠯᠪᠡᠷᠢ ᠵᠢᠨ ᠲᠣᠭ᠍ᠯᠠᠯᠲᠠ ᠨᠤᠭᠤᠳ ᠪᠤᠢ᠃ ᠪᠠᠰᠠ ᠹᠸᠩ ᠢᠦᠶ ᠫᠢᠩ᠂ ᠯᠢ ᠱᠸ᠋ ᠵᠢᠶᠠᠨ᠂ ᠡᠸ᠋ ᠹᠸᠩ ᠬᠤᠸᠠ᠂ ᠶᠠᠩ ᠵᠢᠶᠦ᠋ᠨ ᠵᠡᠷᠭᠡ 20 ᠱᠢᠬᠠᠮ ᠰᠢ ᠳᠠᠭᠤᠤᠷᠢᠯᠢᠭ ᠤ᠋ᠨ ᠨᠠᠷᠠᠲᠤ ᠬᠥᠮᠦᠰ ᠢ᠋ ᠤᠷᠢᠵᠤ᠂ ᠪᠡᠭᠡᠵᠢᠩ ᠰᠢ᠂ ᠺᠦᠨᠱᠠᠨ ᠰᠢ᠂ ᠱᠠᠨ ᠰᠢ ᠵᠦᠴᠦᠭᠡ ᠵᠡᠷᠭᠡ 10 ᠭᠠᠷᠤᠶ ᠵᠦᠴᠦᠭᠡ ᠶ᠋ᠢᠨ ᠦᠪᠡᠳᠡᠭ᠌ᠰᠢ ᠨᠠᠢᠷ ᠢ᠋ ᠰᠣᠨᠢᠷᠬᠠᠭᠤᠯᠤᠨ᠎ᠠ᠃ ᠲᠣᠭ᠍ᠯᠠᠯᠲᠠ ᠡᠴᠡ ᠭᠠᠳᠠᠨ᠎ᠠ ᠪᠠᠰᠠ ᠵᠢᠶᠠᠩᠨᠠᠨ ᠤᠷᠤᠨ ᠤ᠋ ᠰᠣᠶᠣᠯ ᠤ᠋ᠨ ᠮᠦᠽᠧᠶ᠂ ᠯᠢᠶᠣᠤᠨᠢᠩ ᠮᠤᠵᠢ ᠶ᠋ᠢᠨ ᠮᠦᠽᠧᠶ ᠵᠢ ᠤᠷᠢᠵᠤ᠂ ᠥᠪᠥᠷ ᠮᠣᠩᠭᠣᠯ ᠤ᠋ᠨ ᠮᠦᠽᠧᠶ ᠲᠡᠶ ᠬᠠᠮᠲᠤᠷᠠᠨ ᠬᠤᠩᠱᠠᠨ·ᠯᠢᠶᠠᠩᠵᠦ᠍ ᠶ᠋ᠢᠨ ᠰᠣᠶᠣᠯ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠣᠳᠣᠨ ᠪᠦᠲᠦᠭᠡᠯ ᠤ᠋ᠨ ᠦᠵᠡᠰᠭᠦᠯᠡᠩᠡᠷᠭᠢᠯᠡᠵᠦ᠍᠂ ᠱᠢᠨ᠎ᠡ ᠬᠡᠯᠪᠡᠷᠢ ᠵᠢᠨ ᠰᠣᠶᠣᠯ ᠤᠷᠠᠯᠢᠭ ᠤ᠋ᠨ ᠦᠵᠡᠰᠭᠦᠯᠡᠩ ᠵᠢᠡᠷ ᠲᠠᠮᠵᠢᠨ ᠭᠦᠨ ᠵᠤᠵᠠᠭᠠᠨ ᠰᠣᠶᠣᠯ ᠤᠷᠠᠯᠢᠭ ᠤ᠋ᠨ ᠠᠭᠤᠷ ᠠᠮᠢᠰᠭᠤᠯ ᠢ᠋ ᠪᠣᠶ ᠪᠣᠯᠭᠠᠵᠤ᠂ ᠦᠵᠡᠭ᠌ᠴᠢᠳ ᠲᠦ᠍ᠳᠤᠮᠳᠠᠳᠤ ᠶ᠋ᠢᠨ ᠦᠨᠳᠦᠰᠦᠲᠡᠨ ᠤ᠋ ᠥᠨᠢ ᠤᠳᠠᠭᠠᠨ ᠬᠡᠷᠡᠯ ᠰᠠᠴᠤᠷᠠᠩᠭᠤᠶ ᠰᠣᠶᠣᠯ ᠢ᠋ ᠤᠢᠯᠠᠭᠠᠭᠤᠯᠬᠤ ᠪᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃