ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-06 16:30:03

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠨᠢ ᠰᠣᠶᠣᠯ ᠤ᠋ᠨ ᠦᠪᠡᠳᠡᠭ᠌ᠰᠢ ᠴᠤᠭ᠍ᠯᠠᠭᠠᠨ ᠪᠣᠯᠬᠤ ᠪᠠᠷ ᠪᠠᠷᠠᠬᠤ ᠥᠬᠡᠶ ᠪᠠᠰᠠ ᠴᠦ᠍ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌᠂ ᠣᠯᠠᠨ ᠨᠡᠢᠲᠡ ᠶ᠋ᠢᠨ ᠰᠣᠶᠣᠯ ᠤ᠋ᠨ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠬᠦ᠌᠂ ᠠᠷᠠᠳ ᠣᠯᠠᠨ ᠤ᠋ ᠱᠢᠨ᠎ᠡ ᠱᠠᠭᠠᠷᠳᠠᠯᠭ᠎ᠠ ᠱᠢᠨ᠎ᠡ ᠬᠦᠰᠡᠯ ᠡᠷᠡᠮᠡᠯᠵᠡᠯ ᠢ᠋ ᠬᠠᠩᠭᠠᠬᠤ ᠤᠷᠠᠯᠢᠭ ᠤ᠋ᠨ ᠦᠪᠡᠳᠡᠭ᠌ᠰᠢ ᠳᠠᠢᠯᠠᠯᠭ᠎ᠠ ᠪᠣᠯᠤᠨ᠎ᠠ᠃

ᠡᠨᠡ ᠵᠢᠯ ᠤ᠋ᠨ ᠲᠠᠯ᠎ᠠ ᠨᠤᠳᠤᠭ ᠤ᠋ᠨ ᠰᠣᠶᠣᠯ ᠤ᠋ᠨ ᠨᠠᠢᠷ ᠲᠦ᠍ ᠲᠣᠬᠢᠷᠠᠭᠤᠯᠤᠭ᠍ᠰᠠᠨ 6 ᠶᠡᠬᠡ ᠠᠭᠤᠯᠭ᠎ᠠ ᠵᠢᠨ 28 ᠵᠦᠶ᠋ᠯ ᠤ᠋ᠨ ᠠᠵᠢᠯᠯᠠᠭ᠎ᠠ ᠶ᠋ᠢᠨ ᠤᠯᠠᠩᠬᠢ ᠵᠢ ᠨᠢ ᠰᠦᠶ᠋ᠳᠭᠡᠯ ᠬᠤᠷᠢᠶᠠᠬᠤ ᠥᠬᠡᠶ ᠰᠤᠨᠢᠷᠬᠠᠭᠤᠯᠬᠤ ᠵᠢ ᠭᠠᠷᠭᠠᠪᠠᠯ᠂ ᠪᠤᠰᠤᠳ ᠲᠤᠭᠯᠠᠯᠳᠠ ᠲᠡᠭᠡᠷ᠎ᠠ ᠪᠢᠯᠧᠲ ᠲᠠᠷᠬᠠᠭᠠᠬᠤ ᠪᠣᠯᠤᠨ᠎ᠠ᠃ ᠲᠤᠬᠠᠢ ᠶ᠋ᠢᠨ ᠦᠶ᠎ᠡ ᠳ᠋ᠦ 《ᠥᠪᠥᠷ ᠮᠣᠩᠭᠣᠯ ᠤ᠋ᠨ ᠤᠯᠠᠭᠠᠨ ᠲᠢᠶᠠᠲ᠋ᠷ ᠤ᠋ᠨ ᠪᠢᠯᠧᠲ ᠤ᠋ᠨ ᠶᠠᠪᠤᠳᠠᠯ ᠤ᠋ᠨ ᠳᠠᠪᠴᠠᠩ》᠂ 《ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠲᠣᠭ᠍ᠯᠠᠯᠲᠠ ᠶ᠋ᠢᠨ ᠪᠢᠯᠧᠲ ᠤ᠋ᠨ ᠶᠠᠪᠤᠳᠠᠯ ᠤ᠋ᠨ ᠳᠠᠪᠴᠠᠩ》᠎ᠳ᠋ᠦ᠍ 《ᠬᠣᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠠᠷᠠᠳ ᠲᠦ᠍ ᠠᠱᠢᠭ ᠬᠦᠷᠲᠡᠭᠡᠬᠦ᠌ ᠪᠢᠯᠧᠲ》 ᠬᠡᠬᠦ ᠲᠤᠰᠭᠠᠶ ᠪᠤᠯᠤᠩ ᠭᠠᠷᠭᠠᠵᠤ᠂ ᠦᠵᠡᠭᠴᠢᠳ ᠨᠠᠷ᠎ᠠ ᠪᠠᠨ ᠳᠠᠩᠰᠠᠯᠠᠭᠤᠯᠤᠭᠰᠠᠨ ᠤ᠋ ᠳᠠᠷᠠᠭ᠎ᠠ ᠥᠪᠡᠷ ᠤ᠋ᠨ ᠳᠤᠷᠠᠲᠠᠶ ᠲᠤᠭᠯᠠᠯᠳᠠ ᠶ᠋ᠢᠨ ᠪᠢᠯᠧᠲ ᠵᠢᠡᠨ ᠠᠪᠴᠤ ᠪᠤᠯᠤᠨ᠎ᠠ᠃ ᠡᠬᠦᠨ ᠡᠴᠡ ᠭᠠᠳᠠᠨ᠎ᠠ᠂ 《ᠥᠪᠥᠷ ᠮᠣᠩᠭᠣᠯ ᠤ᠋ᠨ ᠣᠳᠣᠨ ᠲᠧᠯᠸᠢᠰ》᠂ 《ᠥᠪᠥᠷ ᠮᠣᠩᠭᠣᠯ ᠤ᠋ᠨ ᠡᠳᠦᠷ ᠤ᠋ᠨ ᠰᠣᠨᠢᠨ》 ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ 《ᠲᠠᠯ᠎ᠠ ᠨᠤᠲᠤᠭ ᠤ᠋ᠨ ᠡᠭᠦᠯᠡ》᠂ 《ᠲᠡᠬᠦᠯᠢᠯᠳᠡ》 ᠵᠡᠷᠭᠡ ᠱᠢᠨ᠎ᠡ ᠵᠠᠭᠤᠴᠢᠯᠠᠭᠤᠷ ᠢ᠋ᠶ᠋ᠡᠷ ᠪᠥᠬᠥᠢᠯᠡ ᠠᠵᠢᠯᠯᠠᠭ᠎ᠠ ᠵᠢ ᠤᠬᠠᠭᠤᠯᠤᠨ ᠲᠠᠨᠢᠯᠴᠠᠭᠤᠯᠤᠨ ᠱᠢᠭᠤᠳ ᠨᠡᠪᠲᠡᠷᠡᠭᠦᠯᠬᠡ ᠬᠢᠬᠦ ᠶ᠋ᠢᠨ ᠬᠠᠮᠲᠤ 《ᠰᠤᠷᠤᠯᠴᠠᠯᠭ᠎ᠠ ᠶ᠋ᠢᠨ ᠬᠦᠴᠦᠷᠬᠡᠭ ᠤᠯᠤᠰ》᠂ ᠴᠤᠤᠷᠢᠶ᠎ᠠ ᠵᠡᠷᠭᠡ ᠱᠢᠨ᠎ᠡ ᠵᠠᠭᠤᠴᠢᠯᠠᠭᠤᠷ ᠤ᠋ᠨ ᠲᠠᠪᠴᠠᠩ ᠳ᠋ᠦ ᠲᠤᠰᠭᠠᠶ ᠪᠤᠯᠤᠩ ᠭᠠᠷᠭᠠᠵᠦ᠂ ᠣᠯᠠᠨ ᠢ᠋ᠶ᠋ᠠᠷ ᠢ᠋ᠶ᠋ᠠᠨ ᠰᠣᠶᠣᠯ ᠤ᠋ᠨ ᠨᠠᠢᠷ ᠤ᠋ᠨ ᠬᠠᠮᠤᠭ ᠤ᠋ᠨ ᠱᠢᠨ᠎ᠡ ᠮᠡᠳᠡᠭᠡ ᠵᠠᠩᠭᠢ ᠵᠢ ᠴᠠᠭ ᠲᠤᠬᠠᠶ ᠳ᠋ᠤᠨᠢ ᠣᠢᠯᠠᠭᠠᠵᠤ ᠡᠵᠡᠮᠰᠢᠨ᠂ ᠬᠡᠵᠢᠶ᠎ᠡ ᠬᠠᠮᠢᠭ᠎ᠠ ᠴᠤ᠌ ᠭᠡᠰᠡᠨ ᠨᠠᠢᠷ ᠲᠦ᠍ ᠣᠷᠣᠯᠴᠠᠵᠤ᠂ ᠤᠷᠠᠯᠢᠭ ᠤ᠋ᠨ ᠦᠪᠡᠳᠡᠭ᠌ᠰᠢ ᠳᠠᠢᠯᠠᠯᠭ᠎ᠠ ᠭᠥᠷᠳᠡᠬᠦ᠌ ᠵᠢ ᠪᠠᠳᠤᠯᠠᠬᠤ ᠪᠡᠷ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面