ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-07 10:03:27

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠬᠤᠷᠢᠳᠤᠭᠠᠷ ᠬᠤᠭᠤᠴᠠᠭᠠᠨ ᠤ᠋ ᠳᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠡᠬᠢᠯᠡᠯᠲᠡ ᠶ᠋ᠢᠨ ᠶᠣᠰᠣᠯᠠᠯ ᠤ᠋ᠨ ᠲᠤᠭᠯᠠᠯᠳᠠ 《ᠬᠥᠬᠡᠮᠳᠦᠭ ᠨᠣᠭᠣᠭᠠᠨ ᠠᠭᠤᠯᠠ ᠤᠰᠤ ᠪᠡᠷ ᠠᠶᠠᠯᠠᠨ ᠲᠠᠭᠤᠯᠠᠬᠤ》 ᠪᠡᠷ ᠭᠤᠤᠯ ᠰᠡᠳᠦᠪ ᠪᠤᠯᠭᠠᠵᠤ᠂ 7 ᠰᠠᠷ᠎ᠠ ᠵᠢᠨ 8 ᠤ᠋ ᠤᠷᠤᠢ ᠵᠢᠨ 8 ᠴᠠᠭ ᠲᠦ᠍ ᠦᠪᠤᠷ ᠮᠤᠩᠭᠤᠯ ᠤ᠋ᠨ ᠪᠠᠶ᠎ᠠ ᠵᠢᠨ ᠲᠠᠮᠢᠷ ᠤ᠋ᠨ ᠤᠷᠳᠤᠨ ᠳ᠋ᠤ ᠪᠤᠯᠵᠤᠭ᠎ᠠ ᠶᠤᠰᠤᠭᠠᠷ ᠦᠵᠡᠭᠴᠢᠳ ᠲᠠᠢ ᠵᠤᠯᠭᠠᠬᠤ ᠪᠤᠯᠤᠨ᠎ᠠ᠃

《ᠡᠨᠡ ᠵᠢᠯ ᠤ᠋ᠨ ᠳᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠡᠬᠢᠯᠡᠯᠳᠡ ᠶ᠋ᠢᠨ ᠶᠤᠰᠤᠯᠠᠯ ᠤ᠋ᠨ ᠲᠤᠭᠯᠠᠯᠳᠠ ᠳ᠋ᠤ ᠭᠤᠷᠪᠠᠨ ᠶᠡᠬᠡ ᠬᠢᠯᠡᠰ ᠴᠡᠭ ᠲᠠᠢ》 ᠬᠡᠵᠤ ᠬᠤᠷᠢᠳᠤᠭᠠᠷ ᠬᠤᠭᠤᠴᠠᠭᠠᠨ ᠤ᠋ ᠳᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠰᠤᠨᠢᠨ ᠮᠡᠳᠡᠭᠡ ᠨᠡᠢᠳᠡᠯᠡᠬᠦ ᠬᠤᠷᠠᠯ ᠲᠠᠬᠡᠷ᠎ᠠ ᠦᠪᠦᠷ ᠮᠤᠨᠭᠭᠤᠯ ᠤ᠋ᠨ ᠷᠠᠳᠢᠣ᠋ ᠲᠧᠯᠸᠢᠰ ᠬᠤᠷᠢᠶ᠎ᠠ ᠵᠢᠨ ᠨᠠᠮ ᠤ᠋ᠨ ᠤᠳᠤᠷᠢᠳᠬᠤ ᠲᠤᠭᠤᠢᠯᠠᠩ ᠤ᠋ᠨ ᠪᠦᠷᠢᠯᠳᠦᠬᠦᠨ᠂ ᠳᠡᠳ᠋ ᠬᠤᠷᠢᠶᠠᠨ ᠳᠠᠷᠤᠭ᠎ᠠ ᠯᠢ ᡁᠢ ᠰᠤᠷᠪᠤᠯᠵᠢᠯᠠᠭᠴᠢᠳ ᠲᠦ᠍ ᠨᠢᠬᠡᠳ ᠨᠢᠬᠡ ᠪᠡᠷ ᠲᠠᠨᠢᠯᠴᠠᠭᠤᠯᠤᠯ᠎ᠠ᠃ ᠡᠨᠡ ᠵᠢᠯ ᠤ᠋ᠨ ᠳᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠡᠬᠢᠯᠡᠯᠲᠡ ᠶ᠋ᠢᠨ ᠶᠣᠰᠣᠯᠠᠯ ᠳ᠋ᠤ ᠳᠤᠮᠳᠠᠳᠤ ᠶ᠋ᠢᠨ ᠤᠯᠠᠮᠵᠢᠯᠠᠯᠲᠤ ᠱᠢᠯᠢᠳᠡᠭ ᠰᠣᠶᠣᠯ ᠢ᠋ ᠤᠯᠠᠮᠵᠢᠯᠠᠨ ᠪᠠᠳᠠᠷᠠᠭᠤᠯᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠵᠢᠴᠢ ᠣᠷᠣᠨ ᠪᠦᠰᠡ ᠶ᠋ᠢᠨ ᠰᠣᠶᠣᠯ ᠤ᠋ᠨ ᠣᠨᠴᠠᠯᠢᠭ ᠲᠠᠢ ᠤᠶᠠᠯᠳᠤᠭᠤᠯᠵᠤ᠂ ᠡᠬᠢᠯᠡᠯᠲᠡ ᠶ᠋ᠢᠨ ᠶᠣᠰᠣᠯᠠᠯ ᠤ᠋ᠨ ᠲᠤᠭᠯᠠᠯᠳᠠ ᠵᠢᠨ ᠭᠤᠤᠯ ᠦᠵᠡᠭᠳᠡᠯ᠂ ᠲᠠᠯᠠᠪᠤᠷ ᠣᠷᠳᠣᠨ ᠤ᠋ ᠪᠠᠢᠷᠢᠰᠢᠭᠤᠯᠤᠯᠲᠠ ᠪᠠ ᠠᠭᠤᠯᠭ᠎ᠠ ᠶ᠋ᠢᠨ ᠢᠯᠡᠷᠡᠬᠦᠯᠦᠯᠳᠡ ᠵᠡᠷᠭᠡ ᠲᠠᠯ᠎ᠠ ᠪᠡᠷ ᠲᠥᠪ ᠤ᠋ᠨ ᠲᠧᠯᠸᠢᠰ ᠬᠣᠷᠢᠶ᠎ᠠ ᠲᠠᠢ ᠬᠠᠮᠲᠤᠷᠠᠯᠴᠠᠵᠤ᠂ ᠪᠥᠬᠥ᠌ ᠲᠠᠯ᠎ᠠ ᠪᠡᠷ ᠱᠢᠨ᠎ᠡ ᠵᠢ ᠡᠭᠦᠳᠦᠭᠰᠡᠨ ᠵᠢᠷᠤᠭ ᠲᠥᠯᠥᠪᠯᠡᠭᠡ ᠬᠢᠵᠡᠶ; ᠡᠬᠢᠯᠡᠯᠲᠡ ᠶ᠋ᠢᠨ ᠶᠣᠰᠣᠯᠠᠯ ᠤ᠋ᠨ ᠲᠤᠭᠯᠠᠯᠳᠠ ᠳ᠋ᠤ ᠥᠪᠥᠷ ᠮᠣᠩᠭᠣᠯ ᠤ᠋ᠨ ᠰᠣᠩᠭᠣᠳᠠᠭ ᠳᠠᠭᠤᠤ ᠬᠥᠭ᠌ᠵᠢᠮ᠂ ᠪᠥᠵᠢᠭ ᠵᠡᠷᠭᠡ ᠪᠡᠷ ᠭᠤᠤᠯ ᠠᠭᠤᠯᠭ᠎ᠠ ᠪᠣᠯᠭᠠᠨ᠂ ᠭᠤᠸᠠᠨ ᠮᠥ᠍ ᠼᠦᠨ᠂ ᠴᠢ᠊·ᠪᠤᠯᠠᠭ᠂ ᠮᠸᠩ ᠷᠠᠨ᠂ ᠬᠦᠰᠡᠯᠡᠩ᠂ ᠯᠢ ᠳᠡᠭᠵᠢᠨ᠂ ᠡᠷᠭᠦᠨ᠎ᠡ ᠬᠠᠮᠳᠤᠯᠢᠭ ᠵᠡᠷᠭᠡ ᠪᠥᠬᠥ᠌ ᠤᠯᠤᠰ ᠲᠦ᠍ ᠨᠡᠷ᠎ᠡ᠎ᠨᠥᠯᠥᠭᠡ ᠲᠡᠶ 20 ᠭᠠᠷᠤᠶ ᠨᠠᠷᠠᠲᠤ ᠳᠠᠭᠤᠴᠢᠨ ᠪᠠ ᠬᠠᠮᠳᠤᠯᠢᠭ ᠢ᠋ ᠤᠷᠢᠵᠤ᠂ ᠰᠣᠩᠭᠣᠳᠠᠭ ᠲᠣᠭ᠍ᠯᠠᠯᠲᠠ ᠪᠡᠷ ᠳᠠᠮᠵᠢᠨ ᠣᠯᠠᠨ ᠲᠦᠮᠡᠨ ᠳ᠋ᠤ ᠨᠢᠭᠡ ᠤᠳᠠᠭ᠎ᠠ ᠵᠢᠨ ᠤᠷᠠᠯᠢᠭ ᠤ᠋ᠨ ᠰᠣᠳᠣᠨ ᠴᠤᠭ᠍ᠯᠠᠭᠠᠨ ᠢ᠋ ᠰᠤᠨᠢᠷᠬᠠᠭᠤᠯᠬᠤ ᠪᠤᠯᠤᠨ᠎ᠠ; ᠡᠬᠢᠯᠡᠯᠲᠡ ᠶ᠋ᠢᠨ ᠶᠣᠰᠣᠯᠠᠯ ᠤ᠋ᠨ ᠲᠤᠭᠯᠠᠯᠳᠠ ᠵᠢᠨ ᠲᠠᠢᠰᠠᠨ ᠤ᠋ ᠬᠡᠷᠡᠯᠳᠤᠬᠦᠯᠭᠡ᠂ ᠳᠠᠢᠰᠠᠨ ᠤ᠋ ᠵᠠᠰᠠᠯ ᠴᠢᠮᠡᠭᠯᠡᠯ᠂ ᠠᠷᠤ ᠲᠡᠯᠭᠡᠴᠡ ᠶ᠋ᠢᠨ ᠵᠢᠷᠤᠭ᠂ ᠲᠠᠯᠠᠪᠤᠷ ᠣᠷᠳᠣᠨ ᠤ᠋ ᠪᠠᠢᠷᠢᠱᠢᠭᠤᠯᠤᠯᠲᠠ᠂ ᠲᠠᠯᠠᠪᠤᠷ ᠭᠠᠵᠠᠷ ᠤ᠋ᠨ ᠰᠠᠭᠤᠳᠠᠯ ᠵᠡᠷᠭᠡ ᠵᠢ ᠠᠱᠢᠭ᠍ᠯᠠᠨ 《ᠬᠠᠲᠤᠨ ᠭᠤᠤᠯ ᠤ᠋ᠨ ᠤᠰᠤ ᠲᠩᠷᠢ ᠶ᠋ᠢᠨ ᠬᠠᠶᠠᠭᠠᠨ ᠡᠴᠡ ᠪᠠᠭᠤᠭᠰᠠᠨ》 ᠣᠨᠴᠠᠭᠠᠶ ᠦᠵᠡᠭᠳᠡᠯ ᠢ᠋ ᠪᠣᠶ ᠪᠣᠯᠭᠠᠵᠤ᠂ ᠦᠵᠡᠭᠴᠢᠳ ᠲᠦ᠍ ᠬᠦᠨᠵᠡᠬᠡᠢ ᠰᠠᠭᠤᠭᠳᠠᠭᠤᠯᠬᠤ ᠬᠡᠯᠪᠡᠷᠢ ᠵᠢᠨ ᠦᠳᠡᠰᠢᠯᠡᠬᠡ ᠵᠢ ᠰᠤᠨᠢᠷᠬᠠᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面