ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-08 12:11:14

ᠵᠣᠬᠢᠶᠠᠭ᠍ᠴᠢ᠄ ​ᠸᠠᠩ ᠰᠢᠶᠤᠤ ᠮᠢᠩ ᠣᠩᠱᠢᠭ᠍ᠰᠠᠨ ᠣᠳᠠᠭ᠎ᠠ᠄ 3

ᠵᠣᠨ ᠤ᠋ ᠰᠠᠢᠬᠠᠨ ᠣᠯᠠᠷᠢᠯ ᠳ᠋ᠦ ᠵᠣᠯᠭᠠᠵᠦ ᠠᠭᠣᠯᠵᠠᠬᠣ ᠭᠡᠵᠦ ᠶᠠᠮᠠᠷ ᠶᠡᠬᠡ ᠠᠵᠠ ᠪᠤᠢ᠃

7 ᠰᠠᠷ᠎ᠠ ᠵᠢᠨ 8 ᠤ᠋ ᠣᠷᠣᠢ ᠵᠢᠨ 8 ᠴᠠᠬ ᠲᠦ᠍ ᠬᠣᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ · ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠬᠦᠰᠢᠭᠡ ᠪᠡᠨ ᠰᠡᠬᠦᠬᠦ ᠪᠡᠷ ᠪᠡᠯᠡᠬᠡᠨ ᠪᠤᠯᠪᠠ᠃ 30 ᠡᠳᠦᠷ ᠦᠷᠬᠦᠯᠵᠢᠯᠡᠬᠦ ᠲᠤᠰ ᠬᠤᠭᠤᠴᠠᠭᠠᠨ ᠤ᠋ ᠲᠠᠯ᠎ᠠ ᠨᠤᠳᠤᠭ ᠤ᠋ᠨ ᠰᠤᠶᠤᠯ ᠤ᠋ᠨ ᠨᠠᠢᠷ ᠤ᠋ᠨ 28 ᠵᠦᠶ᠋ᠯ ᠤ᠋ᠨ ᠠᠵᠢᠯᠯᠠᠭ᠎ᠠ ᠨᠢ ᠦᠵᠡᠰᠭᠦᠯᠡᠩᠲᠦ ᠰᠠᠢᠬᠠᠨ ᠥᠪᠥᠷ ᠮᠣᠩᠭᠣᠯ ᠤ᠋ᠨ ᠡᠴᠢᠨ᠎ᠡ ᠭᠠᠢᠬᠠᠮᠰᠢᠬ ᠢ᠋ ᠳᠠᠬᠢᠨᠲᠠ ᠢᠯᠡᠷᠡᠬᠦᠯᠵᠦ᠂ ᠡᠯᠢᠭᠡ ᠰᠡᠪᠲᠦᠮ᠎ᠡ ᠥᠯᠢᠭᠡᠷ ᠵᠢᠡᠷ ᠦᠪᠡᠷᠮᠢᠴᠡ ᠱᠢᠳᠢ ᠪᠠᠨ ᠭᠠᠢᠬᠠᠭᠣᠯᠣᠨ᠂ ᠦᠵᠡᠰᠭᠦᠯᠡᠩᠲᠦ ᠵᠢᠪᠬᠤᠭ᠎ᠠ ᠪᠠᠨ ᠬᠠᠷᠠᠭᠣᠯᠬᠣ ᠪᠣᠯᠣᠨ᠎ᠠ᠃

2004 ᠣᠨ ᠡᠴᠡ 2023 ᠤᠨ ᠪᠣᠯᠲᠠᠯᠠᠬᠢ 20 ᠵᠢᠯ ᠤ᠋ᠨ ᠬᠣᠭᠣᠴᠠᠭᠠᠨ ᠳ᠋ᠦ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠨᠢᠭᠡᠨᠲᠡ ᠪᠦᠬᠦ᠌ ᠠᠷᠠᠳ ᠤ᠋ᠨ ᠤᠷᠠᠯᠢᠭ ᠤ᠋ᠨ ᠦᠪᠡᠳᠡᠭ᠌ᠰᠢ ᠴᠤᠭ᠍ᠯᠠᠭᠠᠨ᠂ ᠠᠷᠠᠳ ᠲᠦᠮᠡᠨ ᠤ᠋ ᠪᠠᠶᠠᠷ ᠤ᠋ᠨ ᠡᠳᠦᠷ ᠪᠣᠯᠵᠤ᠂ ᠤᠮᠠᠷᠠᠲᠤ ᠬᠢᠯᠢ ᠵᠢᠨ ᠠᠯᠢ ᠣᠯᠠᠨ ᠰᠣᠶᠣᠯ ᠤ᠋ᠨ ᠲᠦᠷᠦᠯ ᠲᠡᠮᠳᠡᠭ ᠢ᠋ ᠡᠬᠦᠳᠤᠨ᠂ ᠰᠣᠶᠣᠯ ᠤ᠋ᠨ ᠬᠦᠴᠦᠷᠬᠡᠭ ᠣᠷᠣᠨ ᠢ᠋ ᠪᠦᠲᠦᠭᠡᠨ ᠪᠠᠢᠭᠤᠯᠬᠤ ᠴᠢᠩᠭ᠎ᠠ ᠬᠦᠴᠦᠲᠡᠶ ᠠᠬᠢᠭᠤᠯᠤᠭ᠍ᠴᠢ ᠪᠣᠯᠵᠤ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠠᠮᠢᠳᠤᠯᠢᠭ ᠦᠢᠯᠡᠳᠦᠯᠭᠡ ᠪᠣᠯᠤᠭ᠍ᠰᠠᠨ ᠪᠢᠯᠡ᠃

ᠲᠠᠯ᠎ᠠ ᠨᠤᠲᠤᠭ ᠤ᠋ᠨ ᠠᠯᠲᠠᠷ ᠢ᠋ ᠲᠠᠶᠠᠩ ᠳ᠋ᠤ ᠳᠠᠭᠤᠷᠢᠰᠤᠭᠤᠯᠪᠠ

2004 ᠣᠨ ᠤ᠋ 8 ᠰᠠᠷ᠎ᠠ ᠵᠢᠨ 6 ᠤ᠋ ᠡᠳᠦᠷ᠂ ᠲᠠᠯ᠎ᠠ ᠨᠤᠲᠤᠭ ᠤ᠋ᠨ ᠷᠢᠳᠢ ᠱᠢᠳᠢ ᠶ᠋ᠢ ᠪᠦᠬᠦ᠌ ᠲᠠᠯ᠎ᠠ ᠪᠠᠷ ᠢᠯᠡᠷᠡᠭᠦᠯᠦᠭ᠌ᠰᠡᠨ ᠠᠩᠬᠠᠳᠤᠭᠠᠷ ᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠬᠥᠬᠡᠬᠣᠲᠠ ᠳ᠋ᠤ ᠦᠪᠡᠳᠡᠭ᠌ᠰᠢ ᠶᠡᠬᠡ ᠪᠡᠷ ᠡᠬᠢᠯᠡᠪᠡ᠃

ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠵᠢᠯ ᠳᠠᠷᠠᠭᠠᠯᠠᠨ ᠶᠠᠪᠤᠭ᠍ᠳᠠᠬᠤ ᠶ᠋ᠢ ᠳᠠᠭᠠᠯᠳᠤᠨ ᠬᠡᠪᠴᠢᠶ᠎ᠡ ᠪᠣᠯᠣᠨ ᠨᠥᠯᠥᠭᠡᠯᠡᠬᠦ᠌ ᠬᠦᠴᠦᠨ ᠨᠢ ᠣᠯᠠᠮ ᠶ᠋ᠢᠡᠷ ᠥᠷᠭᠡᠳᠴᠦ᠍᠂ ᠰᠣᠶᠣᠯ ᠤ᠋ᠨ ᠨᠠᠢᠷ ᠤ᠋ᠨ ᠲᠠᠢᠴᠢᠯᠠᠯ ᠳᠠᠭᠠᠭᠤᠯᠭ᠎ᠠ ᠳᠤᠤᠷ᠎ᠠ 12 ᠠᠢᠮᠠᠭ ᠬᠣᠲᠠ ᠦᠪᠡᠷ ᠥᠪᠡᠷ ᠤ᠋ᠨ ᠵᠢᠡᠨ ᠰᠣᠶᠣᠯ ᠤ᠋ᠨ ᠨᠠᠢᠷ ᠢ᠋ ᠴᠣᠭ᠍ᠴᠠᠯᠠᠪᠠ᠃

ᠬᠥᠬᠡᠬᠣᠲᠠ ᠵᠢᠨ ᠵᠣᠣ ᠵᠢᠶᠦ᠋ᠨ ᠰᠣᠶᠣᠯ ᠤ᠋ᠨ ᠨᠠᠢᠷ ᠂ ᠪᠠᠶᠠᠨᠨᠠᠭᠤᠷ ᠤ᠋ᠨ ᠪᠣᠷᠣᠲᠣᠬᠣᠶ ᠵᠢᠨ ᠰᠣᠶᠣᠯ ᠤᠷᠠᠯᠢᠭ ᠤ᠋ᠨ ᠨᠠᠢᠷ ᠂ ᠠᠯᠠᠱᠠ ᠵᠢᠨ ᠠᠯᠲᠠᠨ ᠨᠠᠮᠤᠷ ᠤ᠋ᠨ ᠲᠤᠤᠷᠠᠶ ᠵᠢᠨ ᠠᠮᠢ ᠠᠬᠤᠶ ᠵᠢᠨ ᠵᠢᠭᠤᠯᠴᠢᠯᠠᠯ ᠤ᠋ᠨ ᠨᠠᠢᠷ᠂ ᠤᠯᠠᠭᠠᠨᠬᠠᠳᠠ ᠵᠢᠨ ᠬᠤᠩᠱᠠᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠶᠣᠯ ᠵᠢᠭᠤᠯᠴᠢᠯᠠᠯ ᠤ᠋ᠨ ᠨᠠᠢᠷ ᠂ ᠬᠥᠯᠥᠨ ᠪᠣᠢᠷ ᠤ᠋ᠨ ᠲᠠᠯ᠎ᠠ ᠨᠤᠲᠤᠭ ᠤ᠋ᠨ ᠰᠣᠶᠣᠯ ᠵᠢᠭᠤᠯᠴᠢᠯᠠᠯ ᠤ᠋ᠨ ᠨᠠᠢᠷ ᠁ ᠭᠡᠬᠦᠴᠢᠯᠡᠨ ᠣᠯᠠᠨ ᠶᠠᠩᠵᠤ ᠵᠢᠨ ᠰᠣᠶᠣᠯ ᠤ᠋ᠨ ᠨᠠᠢᠷ ᠤ᠋ᠨ ᠳᠠᠢᠴᠢᠯᠠᠯᠲᠠ ᠳᠤᠤᠷ᠎ᠠ ᠰᠣᠶᠣᠯ ᠤ᠋ᠨ ᠲᠦᠷᠦᠯ ᠲᠡᠮᠳᠡᠭ ᠬᠤᠷ᠎ᠠ ᠵᠢᠨ ᠳᠠᠷᠠᠭᠠᠬᠢ ᠬᠤᠯᠤᠰᠤᠨ ᠰᠦᠶ᠎ᠡ ᠮᠡᠲᠦ ᠪᠣᠢᠵᠢᠵᠤ ᠂ ᠨᠢᠬᠡᠨᠳᠡ ᠲᠤᠬᠠᠶ ᠵᠢᠨ ᠭᠠᠵᠠᠷ ᠤ᠋ᠨ 《ᠰᠢᠵᠢᠷ ᠠᠯᠲᠠᠨ ᠨᠡᠷ᠎ᠡ ᠵᠢᠨ ᠬᠠᠭᠤᠳᠠᠰᠤ》 ᠪᠣᠯᠵᠠᠢ᠃

ᠬᠣᠷᠢᠨ ᠵᠢᠯ ᠤ᠋ᠨ ᠲᠤᠷᠰᠢ᠂ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠨᠢ ᠥᠪᠥᠷ ᠮᠣᠩᠭᠣᠯ ᠤ᠋ᠨ ᠳᠦᠷᠢ ᠲᠥᠷᠬᠦ᠌ ᠶ᠋ᠢ ᠳᠥᠷᠪᠡᠨ ᠵᠦᠭ ᠨᠠᠶ᠋ᠮᠠᠨ ᠵᠣᠪᠬᠢᠰ ᠲᠦ᠍ ᠠᠯᠲᠠᠷᠰᠢᠭᠣᠯᠪᠠ᠃

ᠰᠣᠶᠣᠯ ᠵᠢᠡᠷ ᠠᠷᠠᠳ ᠲᠦ᠍ ᠠᠱᠢᠭ ᠬᠦᠷᠲᠡᠭᠡᠪᠡ

ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠲᠣᠭᠣᠯᠵᠦ ᠢᠷᠡᠭ᠌ᠰᠡᠨ ᠬᠣᠷᠢᠨ ᠵᠢᠯ ᠪᠣᠯ ᠥᠪᠡᠷᠲᠡᠭᠡᠨ ᠵᠠᠰᠠᠬᠤ ᠣᠷᠣᠨ ᠤ᠋ ᠣᠯᠠᠨ ᠨᠡᠢᠲᠡ ᠵᠢᠨ ᠰᠣᠶᠣᠯ ᠤ᠋ᠨ ᠦᠶ᠋ᠯᠡᠴᠢᠯᠡᠭᠡ ᠨᠢᠰᠭᠦ ᠮᠡᠲᠦ ᠲᠦᠷᠭᠡᠨ ᠬᠥᠭ᠌ᠵᠢᠭ᠌ᠰᠡᠨ ᠬᠣᠷᠢᠨ ᠵᠢᠯ᠂ ᠮᠥᠨ ᠴᠦ᠍ ᠪᠥᠬᠥ᠌ ᠣᠷᠣᠨ ᠤ᠋ ᠦᠨᠳᠦᠰᠦᠲᠡᠨ ᠨᠤᠭᠦᠳ ᠤ᠋ᠨ ᠤᠯᠠᠨ ᠲᠦᠮᠡᠨ ᠤ᠋ ᠣᠯᠠᠨ ᠨᠡᠢᠲᠡ ᠵᠢᠨ ᠰᠣᠶᠣᠯ ᠤ᠋ᠨ ᠬᠦᠷᠲᠡᠮᠵᠢ ᠵᠢᠨ ᠲᠥᠷᠥᠭ᠌ᠳᠡᠯ ᠢᠯᠡᠳᠲᠡ ᠨᠡᠮᠡᠭ᠌ᠳᠡᠭ᠌ᠰᠡᠨ ᠬᠣᠷᠢᠨ ᠵᠢᠯ ᠪᠣᠯᠤᠨ᠎ᠠ᠃

ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ ᠳ᠋ᠤ᠂ ᠤᠯᠤᠰ ᠤ᠋ᠨ ᠰᠣᠶᠣᠯ ᠤ᠋ᠨ ᠲᠣᠭᠠᠴᠢᠯᠠᠭ᠍ᠰᠠᠨ ᠪᠠᠢᠯᠳᠤᠬᠤ ᠪᠤᠳᠤᠯᠭ᠎ᠠ ᠶ᠋ᠢ ᠬᠡᠷᠡᠭ᠌ᠵᠢᠭᠦᠯᠵᠦ᠍᠂ ᠤᠳᠤ ᠦᠶ᠎ᠡ ᠵᠢᠨ ᠤᠯᠠᠨ ᠨᠡᠢᠲᠡ ᠵᠢᠨ ᠰᠣᠶᠣᠯ ᠤ᠋ᠨ ᠦᠢᠯᠡᠴᠢᠯᠡᠭᠡᠨ ᠤ᠋ ᠱᠢᠰᠲ᠋ᠧᠮ ᠢ᠋ ᠪᠦᠷᠢᠨᠱᠢᠬᠦᠯᠵᠤ᠂ ᠰᠣᠶᠣᠯ ᠵᠢᠡᠷ ᠠᠷᠠᠳ ᠲᠦ᠍ ᠠᠱᠢᠭ ᠬᠦᠷᠲᠡᠭᠡᠬᠦ᠌ ᠢᠨᠵᠧᠨᠧᠷᠢᠩ ᠤ᠋ᠨ ᠱᠢᠨ᠎ᠡ ᠶ᠋ᠢ ᠡᠭᠦᠳᠦᠨ ᠬᠡᠷᠡᠭ᠌ᠵᠢᠭᠦᠯᠦᠨ᠎ᠡ ᠭᠡᠵᠦ᠍ ᠵᠢᠭᠠᠵᠤ ᠭᠠᠷᠭᠠᠪᠠ᠃

ᠬᠣᠷᠢᠨ ᠵᠢᠯ ᠤ᠋ᠨ ᠬᠣᠭᠣᠴᠠᠭᠠᠨ ᠳ᠋ᠦ ᠪᠦᠬᠦ᠌ ᠣᠷᠣᠨ ᠵᠢᠡᠷ ᠵᠢᠡᠨ 117 ᠣᠯᠠᠨ ᠨᠡᠢᠲᠡ ᠵᠢᠨ ᠨᠣᠮ ᠤ᠋ᠨ ᠰᠠᠩ᠂ 120 ᠰᠣᠶᠣᠯ ᠤ᠋ᠨ ᠣᠷᠳᠣᠨ ᠂ 178 ᠮᠦᠽᠧᠶ᠂ 25 ᠤᠷᠠᠨ ᠵᠢᠷᠤᠭ ᠤ᠋ᠨ ᠣᠷᠳᠣᠨ᠂ 1086 ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠶᠡᠷᠦᠩᠬᠡᠢᠯᠡᠭ᠌ᠰᠡᠨ ᠰᠣᠶᠣᠯ ᠤ᠋ᠨ ᠥᠷᠲᠡᠭᠡ᠂ 1.25 ᠲᠦᠮᠡ ᠭᠠᠷᠤᠶ ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ ᠶᠡᠷᠦᠩᠬᠡᠢᠯᠡᠭ᠌ᠰᠡᠨ ᠴᠢᠨᠠᠷᠲᠠᠶ ᠰᠣᠶᠣᠯ ᠤ᠋ᠨ ᠠᠵᠢᠯᠯᠠᠭ᠎ᠠ ᠵᠢᠨ ᠲᠥᠪ ᠪᠠᠢᠭᠤᠯᠵᠤ᠂ ᠬᠣᠲᠠ ᠬᠥᠳᠡᠭᠡ ᠶ᠋ᠢ ᠬᠠᠮᠤᠷᠤᠭ᠍ᠰᠠᠨ ᠪᠠᠢᠷᠢᠱᠢᠭᠤᠯᠤᠯ ᠵᠦᠢ ᠵᠣᠬᠢᠰᠲᠠᠶ ᠲᠠᠪᠤᠨ ᠱᠠᠲᠤᠨ ᠤ᠋ ᠦᠢᠯᠡᠴᠢᠯᠡᠭᠡᠨ ᠤ᠋ ᠲᠣᠣᠷ ᠢ᠋ ᠪᠦᠷᠢᠲᠦᠬᠦᠯᠦᠭᠰᠡᠨ ᠪᠠᠢᠨ᠎ᠠ᠃

ᠳᠤᠮᠳᠠᠳᠤ ᠵᠢᠨ ᠰᠢᠯᠢᠳᠡᠭ ᠦᠪ ᠢ᠋ ᠤᠯᠠᠮᠵᠢᠯᠠᠨ ᠵᠠᠯᠭᠠᠮᠵᠢᠯᠠᠪᠠ

ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠪᠣᠯ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠭᠤᠤᠯ ᠠᠭᠤᠯᠭ᠎ᠠ ᠪᠤᠯᠬᠤ ᠶᠤᠮ᠃ ᠬᠣᠷᠢᠨ ᠵᠢᠯ ᠤ᠋ᠨ ᠲᠤᠷᠰᠢ᠂ ᠮᠠᠨ ᠤ᠋ ᠣᠷᠣᠨ ᠰᠣᠶᠣᠯ ᠢ᠋ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ᠋ ᠡᠮᠬᠢ ᠵᠢᠷᠤᠮ ᠲᠠᠶ ᠥᠷᠨᠢᠭᠦᠯᠵᠦ᠍᠂ ᠰᠣᠶᠣᠯ ᠤ᠋ᠨ ᠥᠪ ᠢ᠋ ᠬᠠᠮᠠᠭᠠᠯᠠᠬᠤ ᠢᠨᠵᠧᠨᠧᠷᠢᠩ ᠳ᠋ᠤ ᠣᠯᠠᠨ ᠵᠦᠶ᠋ᠯ ᠤ᠋ᠨ ᠲᠠᠪᠠᠯᠲᠠ ᠵᠢ ᠪᠡᠶᠡᠯᠡᠬᠦᠯᠪᠡ᠃

2005 ᠣᠨ ᠳ᠋ᠤ ᠮᠣᠩᠭᠣᠯ ᠦᠨᠳᠦᠰᠦᠲᠡᠨ ᠤ᠋ ᠣᠷᠳᠣ ᠵᠢᠨ ᠳᠠᠭᠤᠤ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠬᠥᠮᠦᠨ ᠲᠥᠷᠥᠯᠬᠢᠲᠡᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠪᠦᠲᠦᠭᠡᠯ ᠤ᠋ᠨ ᠨᠡᠷᠡᠰ ᠤ᠋ᠨ ᠵᠢᠭ᠍ᠰᠠᠭᠠᠯᠲᠠ ᠳ᠋ᠤ ᠤᠷᠤᠪᠠ᠃ 2012 ᠣᠨ ᠳ᠋ᠤ ᠶᠤᠸᠠᠨ ᠤ᠋ ᠳᠡᠭᠡᠳᠦ ᠨᠡᠢᠰᠯᠡᠯ ᠤ᠋ᠨ ᠪᠠᠭᠤᠷᠢ ᠳᠡᠯᠡᠬᠡᠢ ᠵᠢᠨ ᠰᠣᠶᠣᠯ ᠤ᠋ᠨ ᠥᠪ ᠵᠢᠡᠷ ᠪᠦᠷᠢᠳᠬᠡᠭᠳᠡᠵᠤ᠂ ᠥᠪᠥᠷ ᠮᠣᠩᠭᠣᠯ ᠤ᠋ᠨ ᠠᠩᠬᠠᠳᠠᠭ᠍ᠴᠢ ᠳᠡᠯᠡᠬᠡᠢ ᠵᠢᠨ ᠰᠣᠶᠣᠯ ᠤ᠋ᠨ ᠥᠪ ᠪᠣᠯᠪᠠ᠃ 2009 ᠣᠨ ᠳ᠋ᠤ ᠮᠣᠩᠭᠣᠯ ᠦᠨᠳᠦᠰᠦᠲᠡᠨ ᠤ᠋ ᠬᠥᠭᠡᠮᠡᠢ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠬᠥᠮᠦᠨ ᠲᠥᠷᠥᠯᠬᠢᠲᠡᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠪᠦᠲᠦᠭᠡᠯ ᠤ᠋ᠨ ᠨᠡᠷᠡᠰ ᠲᠦ᠍ ᠵᠢᠬᠰᠠᠭᠠᠬᠲᠠᠪᠠ᠃ 2022 ᠣᠨ ᠳ᠋ᠤ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠪᠠᠭᠤᠷᠢ ᠤᠯᠤᠰ ᠤ᠋ᠨ ᠬᠠᠭᠤᠴᠢ ᠰᠤᠳᠤᠯᠤᠯ ᠤ᠋ᠨ ᠪᠠᠭᠤᠷᠢ ᠵᠢᠨ ᠴᠡᠴᠡᠷᠯᠢᠭ ᠤ᠋ᠨ ᠨᠡᠷᠡᠰ ᠲᠦ᠍ ᠤᠷᠤᠪᠠ᠃

ᠥᠪᠥᠷ ᠮᠣᠩᠭᠣᠯ 98 ᠵᠦᠶ᠋ᠯ ᠤ᠋ᠨ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ᠂ 545 ᠵᠦᠶ᠋ᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠡᠬᠦᠳᠴᠦ᠂ ᠤᠳᠤ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠤᠯᠠᠮᠵᠢᠯᠠᠭ᠍ᠴᠢ 82 ᠬᠥᠮᠦᠨ᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠲᠥᠯᠥᠭᠡᠯᠡᠬᠦ᠌ ᠴᠢᠨᠠᠷᠲᠠᠶ ᠤᠯᠠᠮᠵᠢᠯᠠᠭ᠍ᠴᠢ 1087 ᠬᠥᠮᠦᠨ ᠪᠣᠶ ᠃

ᠲᠡᠦᠬᠡ ᠰᠣᠶᠣᠯ ᠤ᠋ᠨ ᠥᠪ ᠨᠢ ᠳᠤᠮᠳᠠᠳᠤ ᠵᠢᠨ ᠦᠨᠳᠦᠰᠦᠲᠡᠨ ᠤ᠋ ᠭᠧᠨ ᠪᠠ ᠠᠮᠢᠨ ᠰᠤᠳᠠᠰᠤ᠎ᠶ᠋ᠢ ᠠᠴᠢᠶᠠᠯᠠᠵᠤ ᠪᠠᠢᠳᠠᠭ᠃ ᠥᠪᠥᠷ ᠮᠣᠩᠭᠣᠯ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠰᠤᠳᠤᠯᠬᠤ ᠭᠠᠵᠠᠷ ᠤ᠋ᠨ ᠳᠠᠷᠤᠭ᠎ᠠ ᠸᠠᠩ ᠬᠠᠶ ᠷᠦᠩ ᠤ᠋ᠨ ᠦᠵᠡᠬᠦ᠌ ᠪᠡᠷ᠂ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠪᠣᠯ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠴᠢᠬᠤᠯᠠ ᠦᠶ᠋ᠯᠡᠳᠦᠯᠭᠡ ᠮᠥᠨ᠂ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠨᠢ ᠦᠨᠳᠦᠰᠦᠲᠡᠨ ᠨᠤᠭᠦᠳ ᠤ᠋ᠨ ᠣᠯᠠᠨ ᠲᠦᠮᠡᠨ ᠢ᠋ ᠦᠵᠡᠯ ᠰᠠᠨᠠᠭᠠᠨ ᠤ᠋ ᠭᠦᠨ ᠲᠡᠭᠲᠡᠷᠯᠢᠭ ᠡᠴᠡ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ ᠤ᠋ᠨ ᠡᠪ ᠬᠠᠮᠲᠤ ᠨᠠᠮ᠂ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠤ᠋ᠨ ᠲᠤᠬᠠᠶ ᠬᠠᠮᠲᠤ ᠵᠢᠨ ᠲᠠᠨᠢᠯᠲᠠ ᠵᠢ ᠤᠯᠠᠮ ᠬᠦᠨᠵᠡᠬᠡᠢᠷᠡᠬᠦᠯᠵᠤ᠂ ᠡᠬᠡ ᠤᠯᠤᠰ ᠤ᠋ᠨ ᠨᠢᠭᠡᠳᠦᠯ ᠢ᠋ ᠬᠠᠮᠠᠭᠠᠯᠠᠬᠤ᠂ ᠦᠨᠳᠦᠰᠦᠲᠡᠨ ᠤ᠋ ᠪᠦᠯᠬᠦᠮᠳᠡᠯ ᠢ᠋ ᠴᠢᠩᠭᠠᠳᠭᠠᠬᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠦ ᠦᠵᠡᠯ ᠰᠠᠨᠠᠭᠠᠨ ᠤ᠋ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠭᠰᠡᠨ ᠪᠠᠢᠨ᠎ᠠ᠃

ᠤᠳᠭ᠎ᠠ ᠤᠷᠠᠯᠢᠭ ᠤ᠋ᠨ ᠴᠡᠴᠡᠭᠡᠰ ᠦᠩᠭᠡ ᠪᠠᠲᠠᠷᠠᠨ ᠲᠡᠯᠭᠡᠷᠡᠪᠡ

ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠶᠠᠪᠤᠭᠳᠠᠭᠰᠠᠨ ᠬᠤᠷᠢᠨ ᠵᠢᠯ ᠤ᠋ᠨ ᠲᠤᠷᠰᠢ᠂ ᠮᠠᠨ ᠤ᠋ ᠣᠷᠣᠨ ᠳ᠋ᠦ ᠦᠯᠡᠮᠵᠢ ᠤᠯᠠᠨ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠴᠣᠯᠭᠣᠷᠠᠨ ᠭᠠᠷᠴᠤ᠌᠂ ᠮᠠᠰᠢ ᠤᠯᠠᠨ ᠱᠢᠯᠢᠳᠡᠭ ᠪᠦᠲᠦᠭᠡᠯ ᠤᠯᠤᠰ ᠤ᠋ᠨ ᠳᠣᠲᠣᠭᠠᠳᠤ ᠭᠠᠳᠠᠭᠠᠳᠤ ᠳ᠋ᠤ ᠠᠯᠳᠠᠷᠱᠢᠪᠠ᠃

ᠪᠦᠬᠦ᠌ ᠣᠷᠣᠨ ᠤ᠋ ᠤᠳᠭ᠎ᠠ ᠤᠷᠠᠯᠢᠭ ᠤ᠋ᠨ ᠹᠷᠣᠨᠲ ᠤ᠋ᠨ ᠬᠢᠨ ᠪᠦᠬᠦ᠌ ᠰᠡᠳᠭᠢᠯ ᠪᠦᠬᠦ᠌ ᠵᠣᠷᠢᠭ ᠵᠢᠡᠷ ᠵᠢᠡᠨ ᠠᠷᠠᠳ ᠲᠦᠮᠡᠨ ᠳ᠋ᠤ ᠦᠢᠯᠡᠴᠢᠯᠡᠵᠦ᠍᠂ ᠰᠣᠳᠣᠨ ᠪᠦᠲᠦᠭᠡᠯ ᠵᠣᠬᠢᠶᠠᠨ ᠪᠦᠲᠦᠭᠡᠵᠦ᠍᠂ ᠨᠡᠢ᠌ᠳᠡ 1000 ᠭᠠᠷᠤᠢ ᠪᠦᠲᠦᠭᠡᠯ ᠪᠦᠬᠦ᠌ ᠤᠯᠤᠰ ᠪᠦᠬᠦ᠌ ᠣᠷᠣᠨ ᠤ᠋ ᠴᠢᠬᠤᠯᠠ ᠤᠳᠭ᠎ᠠ ᠤᠷᠠᠯᠢᠭ ᠤ᠋ᠨ ᠱᠠᠩᠨᠠᠯ ᠢ᠋ ᠬᠦᠷᠳᠡᠪᠡ᠃ ᠸᠸᠨ ᠬᠤᠸᠠ ᠱᠠᠩᠨᠠᠯ᠂《ᠯᠢᠨᠭᠬᠤ᠎ᠠ ᠱᠠᠩᠨᠠᠯ》᠂ 《ᠠᠯᠳᠠ ᠤᠳᠪᠠᠯᠡ ᠱᠠᠩᠨᠠᠯ》᠂ 《ᠮᠠᠨᠳᠠᠷᠠᠸ᠎ᠠ ᠱᠠᠩᠨᠠᠯ》᠁ ᠬᠡᠬᠦᠴᠢᠯᠡᠨ ᠮᠠᠨ ᠤ᠋ ᠤᠷᠤᠨ ᠤ᠋ ᠤᠷᠠᠯᠢᠭ ᠤ᠋ᠨ ᠪᠦᠯᠬᠦᠮ ᠪᠠ ᠰᠤᠳᠤᠨ ᠪᠦᠳᠦᠬᠡᠯ ᠤ᠋ᠨ ᠬᠦᠷᠳᠡᠭᠰᠡᠨ ᠤᠯᠤᠰ ᠤ᠋ᠨ ᠲᠠᠰ ᠤ᠋ᠨ ᠡᠲᠡᠭᠡᠷ ᠤᠯᠠᠨ ᠠᠷᠪᠢᠨ ᠴᠢᠬᠤᠯᠠ ᠱᠠᠩᠨᠠᠯ᠎ᠨᠢ ᠱᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠵᠢᠨ ᠬᠢᠷᠢ ᠲᠦᠪᠱᠢᠨ ᠪᠠ ᠠᠮᠵᠢᠯᠲᠠ ᠪᠦᠲᠦᠮᠵᠢ ᠶ᠋ᠢ ᠭᠦᠶ᠋ᠴᠡᠳ ᠢᠯᠡᠷᠡᠭᠦᠯᠦᠭᠰᠡᠨ ᠪᠠᠢᠨ᠎ᠠ᠃ ᠥᠪᠥᠷ ᠮᠣᠩᠭᠣᠯ ᠤ᠋ᠨ ᠦᠨᠳᠦᠰᠦᠲᠡᠨ ᠤ᠋ ᠪᠥᠵᠢᠭ᠂ ᠮᠣᠩᠭᠣᠯ ᠦᠨᠳᠦᠰᠦᠲᠡᠨ ᠤ᠋ ᠣᠷᠳᠣ ᠵᠢᠨ ᠳᠠᠭᠤᠤ᠂ ᠬᠥᠭᠡᠮᠡᠶ᠂ ᠮᠣᠷᠢᠨ ᠬᠤᠭᠤᠷ ᠤ᠋ᠨ ᠤᠷᠠᠯᠢᠭ᠂ ᠨᠠᠭᠠᠳᠤᠮ ᠵᠡᠷᠭᠡ ᠰᠣᠶᠣᠯ ᠤᠷᠠᠯᠢᠭ ᠤ᠋ᠨ ᠲᠥᠷᠥᠯ ᠲᠡᠮᠳᠡᠭ᠌ ᠤ᠋ᠨ ᠨᠥᠯᠥᠭᠡᠯᠡᠬᠦ᠌ ᠬᠦᠴᠦᠨ ᠪᠠ ᠨᠡᠷ᠎ᠠ ᠠᠯᠳᠠᠷᠱᠢᠯ ᠨᠢ ᠦᠷᠭᠡᠵᠢᠨ ᠲᠡᠯᠡᠷᠡᠭᠰᠡᠭᠡᠷ᠃

ᠬᠣᠷᠢᠨ ᠵᠢᠯ ᠳ᠋ᠦ ᠥᠪᠥᠷ ᠮᠣᠩᠭᠣᠯ ᠤ᠋ᠨ 50 ᠭᠠᠷᠤᠢ ᠤᠷᠠᠯᠢᠭ ᠤ᠋ᠨ ᠪᠦᠯᠬᠦᠮ᠂ 3000 ᠭᠠᠷᠤᠢ ᠬᠥᠮᠦᠨ ᠤᠳᠠᠭ᠎ᠠ ᠳᠡᠯᠡᠬᠡᠢ ᠵᠢᠨ ᠤᠯᠠᠨ ᠤᠯᠤᠰ ᠪᠠ ᠭᠠᠵᠠᠷ ᠣᠷᠣᠨ ᠳ᠋ᠤ ᠠᠢᠯᠴᠢᠯᠠᠨ ᠲᠣᠭ᠍ᠯᠠᠯᠲᠠ ᠭᠠᠷᠭᠠᠵᠤ᠂ ᠳᠤᠮᠳᠠᠳᠤ ᠵᠢᠨ ᠰᠣᠶᠣᠯ ᠤ᠋ᠨ ᠥᠷᠭᠡᠨ ᠳᠡᠯᠭᠡᠷ ᠭᠦᠨ ᠭᠦᠨᠵᠡᠭᠡᠢ ᠠᠭᠤᠯᠭ᠎ᠠ ᠶ᠋ᠢ ᠣᠬᠠᠭᠣᠯᠪᠠ᠃

ᠬᠣᠷᠢᠨ ᠵᠢᠯ ᠤ᠋ᠨ ᠲᠣᠷᠰᠢ᠂ ᠤᠭ ᠰᠠᠨᠠᠭ᠎ᠠ ᠪᠠᠨ ᠦᠯᠦ᠍ ᠮᠠᠷᠲᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠭᠠᠨᠵᠣᠭ᠎ᠠ ᠲᠦᠬᠦᠷᠡᠩ ᠠᠮᠵᠢᠯᠲᠠ ᠣᠯᠪᠠ᠃ ᠥᠪᠥᠷ ᠮᠣᠩᠭᠣᠯ ᠤ᠋ᠨ ᠪᠦᠬᠦ᠌ ᠠᠷᠠᠳ ᠲᠦ᠍ ᠬᠠᠷᠢᠶᠠᠯᠠᠭ᠍ᠳᠠᠬᠰᠠᠨ ᠡᠨᠡ ᠬᠦ᠌ ᠰᠣᠶᠣᠯ ᠤ᠋ᠨ ᠨᠠᠢᠷ ᠨᠢ ᠯᠠᠪᠲᠠᠢ 《ᠤᠮᠠᠷᠠᠲᠤ ᠬᠢᠯᠢ ᠵᠢᠨ ᠰᠣᠶᠣᠯ 》 ᠳ᠋ᠤ ᠱᠢᠨ᠎ᠡ ᠡᠯᠧᠮᠧᠨ᠋ᠲ ᠨᠡᠮᠡᠷᠢᠯᠡᠵᠦ᠍᠂ 2400 ᠲᠦᠮᠡ ᠭᠠᠷᠤᠢ ᠤᠮᠠᠷᠠᠲᠤ ᠬᠢᠯᠢ ᠵᠢᠨ ᠬᠥᠪᠡᠭᠦᠳ ᠥᠬᠢᠳ ᠤ᠋ᠨ ᠣᠮᠣᠭ ᠵᠣᠷᠢᠭ ᠢ᠋ ᠬᠥᠪᠴᠢᠯᠡᠨ᠂ ᠬᠣᠶᠠᠷ ᠶᠡᠬᠡ ᠶᠠᠪᠤᠳᠠᠯ ᠢ᠋ ᠪᠦᠬᠦ᠌ ᠬᠦᠴᠦᠨ ᠵᠢᠡᠷ ᠵᠢᠡᠨ ᠰᠠᠢᠲᠤᠷ ᠬᠢᠵᠦ᠍᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠶ᠋ᠢ ᠪᠢᠴᠢᠭ᠌ᠯᠡᠬᠦ᠌ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面