ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-11 10:08:03

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

7 ᠰᠠᠷ᠎ᠠ ᠵᠢᠨ 10 ᠤ᠋ ᠡᠳᠦᠷ ᠤ᠋ᠨ 20 ᠴᠠᠭ ᠤ᠋ᠨ ᠦᠶᠡᠰ ᠵᠢᠡᠷ ᠬᠦᠬᠡᠬᠤᠲᠠ ᠵᠢᠨ ᠪᠠᠷᠠᠭᠤᠨ ᠸᠠᠨ ᠳ᠋ᠠ ᠠᠭᠤᠳᠠᠮ ᠲᠠᠯᠠᠪᠠᠢ ᠵᠢᠨ ᠲᠤᠮᠤ ᠬᠦᠰᠢᠭᠡ ᠪᠠ ᠺᠢᠨᠣ᠋ ᠲᠠᠯᠪᠢᠬᠤ ᠮᠠᠰᠢᠨ ᠤ᠋ ᠡᠮᠤᠨ᠎ᠡ ᠬᠤᠲᠠ ᠵᠢᠨ ᠠᠷᠠᠳ ᠠᠯᠢ ᠬᠡᠳᠦᠢᠨ ᠳᠦᠭᠦᠷᠲᠡᠯ᠎ᠡ ᠰᠠᠭᠤᠵᠠᠭᠠᠵᠤ᠂ ᠰᠠᠨᠳᠠᠯᠢ ᠦᠭᠡᠢ ᠨᠢᠭᠡ ᠨᠢ ᠠᠷᠤ ᠪᠡᠷ ᠨᠢ ᠵᠤᠭᠰᠤᠵᠤ᠂ ᠤᠷᠤᠢ ᠵᠢᠨ ᠰᠡᠷᠢᠭᠦᠨ ᠵᠢᠡᠷ ᠰᠡᠯᠡᠭᠦᠴᠡᠨ ᠠᠯᠬᠤᠵᠤ ᠪᠠᠢᠭ᠎ᠠ ᠬᠦᠮᠦᠰ ᠡᠨᠳᠡ ᠨᠡᠮᠡᠭᠳᠡᠭᠰᠡᠭᠡᠷ ᠪᠠᠢᠯ᠎ᠠ᠃

《ᠬᠦᠭᠰᠢᠨ ᠪᠢᠳᠡ ᠬᠤᠶᠠᠭᠤᠯᠠ ᠤᠷᠤᠢ ᠵᠢᠨ ᠰᠡᠷᠢᠭᠦᠨ ᠵᠢᠡᠷ ᠸᠠᠨ ᠳ᠋ᠠ ᠠᠭᠤᠳᠠᠮ ᠲᠠᠯᠠᠪᠠᠢ ᠪᠡᠷ ᠠᠯᠬᠤᠳᠠᠭ᠂ ᠡᠨᠡ ᠤᠷᠤᠢ ᠬᠠᠷᠢᠨ ᠦᠨ᠎ᠡ ᠲᠦᠯᠦᠪᠦᠷᠢ ᠦᠭᠡᠢ ᠪᠡᠷ ᠺᠢᠨᠣ᠋ ᠦᠵᠡᠴᠢᠬᠡᠯ᠎ᠠ᠃ ᠰᠠᠶᠢ ᠺᠢᠨᠣ᠋ ᠲᠠᠯᠪᠢᠳᠠᠭ ᠠᠵᠢᠯᠲᠡᠨ ᠡᠴᠡ ᠲᠤᠰ ᠬᠤᠭᠤᠴᠠᠭᠠᠨ ᠤ᠋ ᠰᠤᠶᠤᠯ ᠤ᠋ᠨ ᠨᠠᠢᠷ ᠵᠢᠡᠷ ᠡᠨᠳᠡ ᠡᠳᠦᠷ ᠪᠤᠯᠭᠠᠨ ᠠᠳᠠᠯᠢ ᠪᠤᠰᠤ ᠵᠢᠨ ᠺᠢᠨᠣ᠋ ᠲᠠᠯᠪᠢᠨ᠎ᠡ ᠭᠡᠵᠤ ᠰᠤᠨᠤᠰᠤᠭᠠᠳ ᠬᠦᠭᠰᠢᠨ ᠪᠢᠳᠡ ᠬᠤᠶᠠᠭᠤᠯᠠ ᠠᠯᠳᠠᠯ ᠦᠭᠡᠢ ᠦᠵᠡᠬᠦ ᠪᠡᠷ ᠰᠢᠢᠳᠴᠤ᠂ ᠵᠠᠯᠠᠭᠤ ᠨᠠᠰᠤᠨ ᠳ᠋ᠠᠭᠠᠨ ᠬᠠᠷᠢᠯᠴᠠᠨ ᠪᠤᠯᠵᠤᠵᠤ ᠺᠢᠨᠤ᠋ ᠦᠵᠡᠭᠰᠡᠨ ᠦᠬᠡᠢ ᠪᠠᠨ ᠨᠦᠬᠦᠨ᠎ᠡ ᠳ᠋ᠸ》 ᠭᠡᠵᠤ ᠵᠢᠷᠠ ᠵᠢᠨ ᠳᠠᠪᠠᠭ᠎ᠠ ᠵᠢ ᠳᠠᠪᠠᠭᠰᠠᠨ ᠯᠢ ᠨᠠᠰᠤᠲᠠᠨ ᠬᠦᠭᠵᠢᠯᠲᠡᠢ ᠶᠠᠷᠢᠨ᠎ᠠ᠃

ᠨᠠᠢᠷ ᠲᠤ᠌ ᠬᠦᠭ ᠨᠡᠮᠡᠵᠤ ᠨᠠᠭᠠᠳᠤᠮ ᠳ᠋ᠤ ᠴᠢᠮᠡᠭ ᠨᠡᠮᠡᠨ᠎ᠡ ᠭᠡᠳᠡᠭᠴᠢᠯᠡᠨ ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠤᠷ ᠮᠤᠩᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠨᠢᠭᠡᠨ ᠠᠭᠤᠯᠭ᠎ᠠ ᠪᠤᠯᠬᠤ ᠮᠦᠷᠲᠡᠭᠡᠨ ᠠᠷᠠᠳ ᠲᠤ᠌ ᠠᠰᠢᠭ ᠬᠦᠷᠲᠡᠭᠡᠬᠦ ᠠᠵᠢᠯᠯᠠᠭ᠎ᠠ ᠵᠢᠨ ᠨᠢᠭᠡ ᠨᠢ ᠪᠤᠯᠤᠭᠰᠠᠨ ᠰᠢᠯᠢᠳᠡᠭ ᠺᠢᠨᠣ᠋ ᠪᠦᠲᠦᠭᠡᠯ ᠤ᠋ᠨ ᠦᠵᠡᠭᠦᠯᠭᠡ 7 ᠰᠠᠷ᠎ᠠ ᠵᠢᠨ 8 ᠤ᠋ ᠤᠷᠤᠢ ᠡᠴᠡ ᠡᠬᠢᠯᠡᠵᠤ ᠶᠠᠪᠤᠭᠳᠠᠯ᠎ᠠ᠃

ᠱᠢᠨ᠎ᠡ ᠴᠠᠭ ᠦᠶ᠎ᠡ ᠱᠢᠨ᠎ᠡ ᠰᠣᠶᠣᠯ᠎ᠤᠨ ᠡᠭᠦᠷᠭᠡ᠎ᠶ᠋ᠢ ᠡᠭᠦᠷᠭᠡᠯᠡᠨ᠂ ᠪᠥᠬᠥ᠌ ᠣᠷᠣᠨ᠎ᠤ ᠺᠢᠨᠣ᠋᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠰᠣᠶᠣᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠲᠥᠯᠥᠪᠵᠢᠭᠦᠯᠭᠡ》᠂《ᠭᠣᠸ᠋ᠯ ᠰᠡᠳᠦᠪᠲᠦ ᠱᠢᠯᠢᠳᠡᠭ ᠺᠢᠨᠣ᠋᠎ᠶ᠋ᠢ ᠳᠡᠯᠭᠡᠨ ᠦᠵᠡᠭᠦᠯᠬᠦ᠌ ᠠᠵᠢᠯᠯᠠᠭ᠎ᠠ ᠥᠷᠨᠢᠭᠦᠯᠬᠦ᠌》 ᠠᠵᠢᠯ᠎ᠤᠨ ᠪᠠᠢᠷᠢᠯᠠᠭᠤᠯᠤᠯᠲᠠ ᠲᠠᠶ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠺᠢᠨᠣ᠋᠎ᠶ᠋ᠢᠨ ᠲᠣᠪᠴᠢᠶ᠎ᠠ ᠡᠴᠡ ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠤᠷ ᠮᠤᠩᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠬᠤᠭᠤᠴᠠᠭᠠᠨ ᠳ᠋ᠤ ᠤᠯᠤᠰ ᠤ᠋ᠨ ᠳᠤᠲᠤᠨ᠎ᠠ ᠭᠠᠳᠠᠨᠠᠬᠢ ᠱᠢᠯᠢᠳᠡᠭ ᠺᠢᠨᠣ᠋᠎ᠶ᠋ᠢ ᠳᠡᠯᠭᠡᠨ ᠦᠵᠡᠭᠦᠯᠬᠦ᠌ ᠠᠵᠢᠯᠯᠠᠭ᠎ᠠ ᠶ᠋ᠢ ᠦᠷᠨᠢᠭᠦᠯᠦᠭᠰᠡᠨ ᠨᠢ ᠡᠨᠡ ᠪᠠᠢᠵᠠᠢ᠃

ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠤᠷ ᠮᠤᠩᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠬᠤᠭᠤᠴᠠᠭᠠᠨ ᠳ᠋ᠡᠬᠢ ᠱᠢᠯᠢᠳᠡᠭ ᠺᠢᠨᠣ᠋᠎ᠶ᠋ᠢ ᠳᠡᠯᠭᠡᠨ ᠦᠵᠡᠭᠦᠯᠬᠦ᠌ ᠠᠵᠢᠯᠯᠠᠭ᠎ᠠ ᠨᠢ ᠡᠯ᠎ᠡ ᠺᠢᠨᠣ᠋ ᠤᠷᠳᠤᠨ ᠪᠠ ᠡᠯ᠎ᠡ ᠴᠡᠴᠡᠷᠯᠢᠭ᠂ ᠠᠭᠤᠳᠠᠮ ᠲᠠᠯᠠᠪᠠᠢ᠂ ᠨᠡᠢᠭᠡᠮ ᠲᠤᠭᠤᠷᠢᠭ ᠵᠡᠷᠭᠡ ᠭᠠᠵᠠᠷ ᠲᠦ᠍ ᠨᠡᠢᠭᠡᠮ ᠨᠡᠢᠲᠡ ᠵᠢᠨ ᠠᠰᠠᠷᠠᠮᠵᠢ ᠵᠢᠨ ᠴᠢᠨᠠᠷᠲᠠᠢ ᠪᠡᠷ ᠶᠠᠪᠤᠭᠳᠠᠬᠤ ᠪᠤᠯᠤᠨ᠎ᠠ᠃ ᠲᠤᠰ ᠤᠳᠠᠭᠠᠨ ᠤ᠋ ᠰᠢᠯᠢᠳᠡᠭ ᠺᠢᠨᠣ᠋ ᠵᠢᠨ ᠳᠡᠯᠭᠡᠨ ᠦᠵᠡᠭᠦᠯᠭᠡ ᠵᠢᠨ ᠠᠵᠢᠯᠯᠠᠭ᠎ᠠ ᠶ᠋ᠢ ᠦᠪᠡᠷᠲᠡᠭᠡᠨ ᠵᠠᠰᠠᠬᠤ ᠤᠷᠤᠨ ᠤ᠋ ᠺᠢᠨᠣ᠋ ᠵᠢᠨ ᠲᠤᠪᠴᠢᠶ᠎ᠡ ᠡᠴᠡ ᠭᠤᠤᠯᠯᠠᠨ ᠡᠷᠬᠢᠯᠡᠵᠤ᠂ ᠦᠪᠦᠷ ᠮᠤᠩᠭᠤᠯ ᠤ᠋ᠨ ᠺᠢᠨᠣ᠋ ᠵᠢᠨ ᠪᠦᠯᠦᠭᠯᠡᠯ ᠡᠴᠡ ᠳᠠᠭᠠᠭᠠᠴᠢᠯᠠᠨ ᠡᠷᠬᠢᠯᠡᠪᠡ᠃ ᠭᠤᠤᠯᠳᠠᠭᠤ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢᠬᠢ ᠮᠠᠨ᠎ᠤ ᠣᠷᠣᠨ᠎ᠤ 《ᠳᠤᠮᠳᠠᠳᠤ ᠤᠯᠤᠰ᠎ᠤᠨ ᠺᠢᠨᠣ᠋᠎ᠶ᠋ᠢᠨ ᠬᠤᠸᠠ ᠪᠢᠶᠤᠤ ᠱᠠᠩᠨᠠᠯ》᠂ 《ᠳᠤᠮᠳᠠᠳᠤ ᠤᠯᠤᠰ᠎ᠤᠨ ᠺᠢᠨᠣ᠋᠎ᠶ᠋ᠢᠨ ᠠᠯᠲᠠᠨ ᠲᠠᠬᠢᠶ᠎ᠠ ᠱᠠᠩᠨᠠᠯ》᠂ 《ᠣᠯᠠᠨ ᠨᠡᠢᠲᠡ᠎ᠶ᠋ᠢᠨ ᠺᠢᠨᠣ᠋᠎ᠶ᠋ᠢᠨ ᠥᠨᠢᠷ ᠴᠡᠴᠡᠭ ᠱᠠᠩᠨᠠᠯ》 ᠵᠡᠷᠭᠡ ᠭᠤᠷᠪᠠᠨ ᠲᠣᠮᠣ ᠱᠠᠩᠨᠠᠯ ᠵᠢᠴᠢ ᠱᠢᠶᠠᠩᠭᠠᠩ᠎ᠤᠨ ᠺᠢᠨᠣ᠋᠎ᠶ᠋ᠢᠨ ᠠᠯᠲᠠᠨ ᠬᠥᠷᠥᠭ ᠱᠠᠩᠨᠠᠯ ᠭᠥᠷᠳᠡᠭ᠌ᠰᠠᠡ 《ᠴᠠᠭᠳᠠᠭ᠎ᠠ ᠪᠤᠶᠠᠨ》᠂ 《ᠰᠦᠨ ᠳᠠᠯᠠᠢ ᠵᠢᠨ ᠵᠡᠷᠭᠡᠯᠭᠡ》᠂ 《ᠦᠵᠦᠮᠦᠴᠢᠨ ᠤ᠋ ᠬᠡᠦᠬᠡᠳ ᠤ᠋ᠳ》 ᠵᠡᠷᠭᠡ 6 ᠤᠷᠤᠨ ᠨᠤᠲᠤᠭ᠎ᠤᠨ ᠱᠢᠯᠢᠳᠡᠭ ᠺᠢᠨᠣ᠋᠂ 《ᠪᠢ ᠡᠬᠡ ᠤᠯᠤᠰ ᠲᠠᠢ ᠪᠡᠨ》᠂ 《ᠪᠢ ᠴᠢᠮ᠎ᠡ ᠳ᠋ᠤ ᠬᠠᠢᠷᠠᠲᠠᠢ》 ᠵᠡᠷᠭᠡ ᠤᠯᠤᠰ ᠲᠠᠭᠠᠨ ᠦᠶ᠋ᠯᠡᠳᠪᠦᠷᠢᠯᠡᠭ᠌ᠰᠡᠨ 4 ᠱᠢᠯᠢᠳᠡᠭ ᠺᠢᠨᠣ᠋ ᠪᠠ 《ᠭᠠᠯᠵᠠᠭᠤ ᠬᠤᠷᠳᠤ 10》 ᠵᠡᠷᠭᠡ 4 ᠭᠠᠳᠠᠭᠠᠳᠤ᠎ᠶ᠋ᠢᠨ ᠱᠢᠯᠢᠳᠡᠭ ᠺᠢᠨᠣ᠋ ᠵᠢ ᠳᠡᠯᠭᠡᠨ ᠦᠵᠡᠭᠦᠯᠬᠦ ᠪᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面