2023-07-13 10:30:44
ᠬᠣᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠬᠦᠷ ᠬᠦᠭᠵᠢᠶᠡᠨ ᠲᠠᠢ ᠶᠠᠪᠤᠭᠳᠠᠵᠤ᠂ ᠤᠷᠤᠨ ᠤ᠋ ᠲᠦᠪ ᠬᠦᠬᠡᠬᠤᠲᠠ ᠰᠤᠶᠤᠯ ᠤ᠋ᠨ ᠠᠭᠤᠷ ᠠᠮᠢᠰᠬᠤᠯ ᠵᠢᠡᠷ ᠪᠢᠯᠬᠠᠨ᠎ᠠ᠃ 7 ᠰᠠᠷ᠎ᠠ ᠵᠢᠨ 12 ᠤ᠋ᠨ ᠦᠳᠡ ᠵᠢᠨ ᠡᠮᠤᠨ᠎ᠠ ᠦᠪᠦᠷ ᠮᠤᠩᠭᠤᠯ ᠤ᠋ᠨ ᠤᠷᠠᠨ ᠵᠢᠷᠤᠭ ᠤ᠋ᠨ ᠤᠷᠳᠤᠨ ᠤ᠋ ᠲᠡᠷᠭᠡᠨ ᠵᠤᠭᠰᠤᠭᠠᠯᠳ᠋ᠸ᠋ ᠮᠠᠰᠢᠨ ᠲᠡᠷᠭᠡ ᠲᠦᠭᠦᠷᠲᠡᠯ᠎ᠡ ᠵᠤᠭᠰᠤᠵᠤ᠂ ᠬᠦᠮᠦᠰ ᠤᠷᠠᠨ ᠵᠢᠷᠤᠭ ᠤ᠋ᠨ ᠰᠢᠷᠢᠰ ᠦᠵᠡᠭᠦᠯᠭᠡ ᠶ᠋ᠢ ᠵᠤᠷᠢᠵᠤ ᠢᠷᠡᠭᠰᠡᠨ ᠨᠢ ᠢᠯᠡᠬᠡᠨ᠃ ᠦᠪᠦᠷ ᠮᠤᠩᠭᠤᠯ ᠤ᠋ᠨ ᠤᠷᠠᠨ ᠵᠢᠷᠤᠭ ᠤ᠋ᠨ ᠤᠷᠳᠤᠨ ᠰᠤᠶᠤᠯ ᠤ᠋ᠨ ᠨᠠᠢᠷ ᠲᠤ᠌ ᠦᠩᠭᠡ ᠨᠡᠮᠡᠷᠢᠯᠡᠵᠤ᠂ ᠭᠤᠤᠯ ᠰᠡᠳᠤᠪᠳᠤ ᠤᠷᠠᠨ ᠵᠢᠷᠤᠭ ᠤ᠋ᠨ ᠦᠵᠡᠰᠭᠦᠯᠡᠩ ᠪᠤᠯᠤᠨ ᠦᠪᠦᠷ ᠮᠤᠩᠭᠤᠯ ᠤ᠋ᠨ ᠤᠷᠠᠨ ᠵᠢᠷᠤᠭ ᠤ᠋ᠨ ᠤᠷᠳᠤᠨ ᠤ᠋ ᠬᠠᠳᠠᠭᠠᠯᠠᠮᠵᠢ ᠵᠢᠨ ᠪᠦᠲᠦᠭᠡᠯ ᠤ᠋ᠨ ᠦᠵᠡᠰᠭᠦᠯᠡᠩ ᠵᠢᠡᠷ ᠵᠢᠡᠨ ᠳᠦᠷᠪᠡᠨ ᠵᠦᠭ ᠨᠠᠢ᠍ᠮᠠᠨ ᠵᠤᠪᠬᠢᠰ ᠡᠴᠡ ᠬᠦᠷᠦᠯᠴᠡᠨ ᠢᠷᠡᠭᠰᠡᠳ ᠢ᠋ ᠤᠭᠳᠤᠨ᠎ᠠ᠃
《ᠪᠢ 2017 ᠤᠨ ᠤ᠋ 9 ᠰᠠᠷ᠎ᠠ ᠳ᠋ᠤ ᠠᠵᠠ ᠪᠡᠷ ᠰᠢᠨᠬᠤᠸᠠ ᠬᠤᠷᠢᠶ᠎ᠠ ᠵᠢᠨ ᠰᠤᠷᠪᠤᠯᠵᠢᠯᠠᠬᠤ ᠪᠦᠯᠬᠦᠮ ᠤ᠋ᠨ ᠬᠢᠨ ᠲᠠᠢ ᠬᠠᠮᠳᠤ ᠰᠤᠷᠪᠤᠯᠵᠢᠯᠠᠵᠤ ᠶᠠᠪᠤᠬᠤ ᠳ᠋ᠠᠭᠠᠨ ᠡᠯᠡᠰᠤ ᠶ᠋ᠢ ᠵᠠᠰᠠᠭᠰᠠᠨ ᠪᠠᠭᠠᠲᠤᠷ ᠤᠳᠤ ᠭᠤᠸᠠᠢ ᠵᠢᠨ ᠦᠯᠢᠭᠡᠷ ᠦᠢᠯᠡ ᠶᠠᠪᠤᠳᠠᠯ ᠤ᠋ᠨ ᠲᠤᠬᠠᠢ ᠤᠢᠯᠠᠭᠠᠭᠰᠠᠨ ᠶᠤᠮ᠃ ᠲᠡᠭᠦᠨᠦ ᠬᠦᠴᠢᠷ ᠪᠡᠷᠬᠡᠰᠢᠶᠠᠯ ᠡᠴᠡ ᠦᠯᠦ ᠡᠮᠢᠶᠡᠨ ᠡᠯᠡᠰᠤ ᠶ᠋ᠢ ᠵᠠᠰᠠᠵᠤ ᠨᠤᠭᠤᠭᠠᠷᠠᠭᠤᠯᠬᠤ ᠠᠵᠢᠯ ᠢ᠋ ᠬᠡᠳᠦᠨ ᠠᠷᠪᠠᠨ ᠵᠢᠯ ᠪᠠᠷᠢᠮᠲᠠᠯᠠᠭᠰᠠᠭᠠᠷ ᠢᠷᠡᠭᠰᠡᠨ ᠨᠢ ᠨᠠᠳᠠᠳᠤ ᠶᠡᠬᠡ ᠰᠡᠩᠬᠡᠷᠡᠭᠦᠯᠦᠯ ᠪᠤᠯᠵᠤ᠂ ᠤᠳᠤ ᠰᠢᠬ ᠡᠯᠡᠰᠤ ᠶ᠋ᠢ ᠵᠠᠰᠠᠵᠤ ᠡᠬᠡ ᠤᠯᠤᠰ ᠵᠢᠡᠨ ᠭᠤᠶᠤᠵᠢᠭᠤᠯᠵᠤ ᠪᠤᠢ ᠲᠦᠭ ᠲᠦᠮᠡᠨ ᠡᠭᠡᠯ ᠵᠢᠷ ᠤ᠋ᠨ ᠠᠲᠠᠯ᠎ᠠ ᠠᠭᠤᠤ ᠬᠦᠮᠦᠰ ᠲᠤ᠌ ᠬᠦᠨᠳᠦᠳᠭᠡᠯ ᠲᠡᠪᠰᠢᠬᠦᠯᠬᠦ ᠵᠢᠨ ᠲᠦᠯᠦᠬᠡ ᠡᠨᠡ ᠬᠦ᠌ ᠪᠦᠲᠦᠭᠡᠯ ᠢ᠋ ᠭᠠᠷᠭᠠᠯ᠎ᠠ》 ᠭᠡᠵᠤ 《ᠡᠯᠡᠰᠤ ᠶ᠋ᠢ ᠵᠠᠰᠠᠭᠰᠠᠨ ᠪᠠᠭᠠᠲᠤᠷᠴᠤᠳ》 ᠤ᠋ᠨ ᠱᠤᠭᠤᠮᠠᠯᠴᠢᠨ᠂ ᠦᠪᠦᠷ ᠮᠤᠩᠭᠤᠯ ᠤ᠋ᠨ ᠤᠷᠠᠯᠢᠭ ᠤ᠋ᠨ ᠳᠡᠭᠡᠳᠤ ᠰᠤᠷᠭᠠᠭᠤᠯᠢ ᠵᠢᠨ ᠠᠵᠢᠯ ᠡᠴᠡ ᠪᠡᠨ ᠠᠮᠠᠷᠠᠭᠰᠠᠨ ᠠᠬᠠᠮᠠᠳ ᠪᠠᠭᠰᠢ ᠯᠢᠶᠠᠩ ᠰᠢᠦᠢ ᠪᠦᠳᠦᠬᠡᠯ ᠤ᠋ᠨ ᠵᠢᠡᠨ ᠲᠤᠬᠠᠢ ᠤᠯᠤᠯᠳᠠ ᠲᠦᠷᠦᠭᠳᠡᠯ ᠵᠢᠡᠨ ᠬᠤᠪᠢᠶᠠᠯᠴᠠᠨ᠎ᠠ᠃
ᠤᠷᠠᠨ ᠵᠢᠷᠤᠭ ᠤ᠋ᠨ ᠤᠷᠳᠤᠨ ᠳ᠋ᠤ ᠳᠡᠯᠭᠡᠭᠳᠡᠵᠤ ᠪᠤᠢ 《ᠴᠠᠭ ᠦᠶ᠎ᠡ ᠵᠢᠨ ᠳᠦᠷᠢ ᠳᠦᠷᠬᠦ ᠶ᠋ᠢ ᠪᠢᠴᠢᠭᠯᠡᠵᠤ ᠳᠤᠮᠳᠠᠳᠤ ᠤᠯᠤᠰ ᠤ᠋ᠨ ᠦᠯᠢᠭᠡᠷ ᠢ᠋ ᠰᠠᠢᠲᠤᠷ ᠶᠠᠷᠢᠶ᠎ᠠ》 ᠭᠤᠤᠯ ᠰᠡᠳᠦᠪᠲᠤ ᠤᠷᠠᠨ ᠵᠢᠷᠤᠭ ᠤ᠋ᠨ ᠦᠵᠡᠰᠭᠦᠯᠡᠩ ᠨᠢ ᠪᠥᠬᠥ᠌ ᠣᠷᠣᠨ ᠤ᠋ ᠡᠯ᠎ᠡ ᠠᠢᠮᠠᠭ ᠬᠣᠲᠠ ᠵᠢᠴᠢ ᠪᠥᠬᠥ᠌ ᠤᠯᠤᠰ ᠤ᠋ᠨ ᠬᠡᠰᠡᠭ ᠮᠤᠵᠢ ᠬᠣᠲᠠ ᠦᠪᠡᠷᠳᠡᠬᠡᠨ ᠵᠠᠰᠠᠬᠤ ᠣᠷᠣᠨ ᠤ᠋ 1000 ᠱᠢᠬᠠᠮ ᠡᠯ᠎ᠡ ᠲᠥᠷᠥᠯ ᠤ᠋ᠨ ᠪᠦᠲᠦᠭᠡᠯ ᠢ᠋ ᠭᠥᠯᠢᠶᠡᠨ ᠠᠪᠴᠤ᠂ ᠴᠢᠩᠭ᠎ᠠ ᠨᠢᠮᠪᠠᠶ ᠱᠢᠯᠭᠠᠷᠠᠭᠤᠯᠤᠯᠲᠠ ᠪᠠᠷ ᠳᠡᠮᠵᠢᠨ ᠬᠢᠲᠠᠳ ᠵᠢᠷᠤᠭ᠂ ᠲᠣᠰᠣᠨ ᠪᠤᠳᠤᠭ ᠤ᠋ᠨ ᠵᠢᠷᠤᠭ᠂ ᠪᠠᠷ ᠵᠢᠷᠤᠭ᠂ ᠤᠰᠤᠨ ᠪᠤᠳᠤᠭ ᠤ᠋ᠨ ᠵᠢᠷᠤᠭ᠂ ᠱᠤᠭᠤᠮᠠᠯ᠂ ᠶᠡᠷᠦᠩᠬᠡᠢᠯᠡᠭ᠌ᠰᠡᠨ ᠮᠠᠲ᠋ᠧᠷᠢᠶᠠᠯ ᠤ᠋ᠨ ᠵᠢᠷᠤᠭ ᠵᠡᠷᠭᠡ 6 ᠶᠡᠬᠡ ᠲᠥᠷᠥᠯ ᠤ᠋ᠨ 300 ᠭᠠᠷᠤᠶ ᠰᠢᠯᠢᠳᠡᠭ ᠤ᠋ᠨ ᠲᠤᠳᠤᠷᠠᠬᠢ ᠰᠢᠯᠢᠳᠡᠭ ᠪᠦᠲᠦᠭᠡᠯ ᠢ᠋ ᠰᠤᠩᠭᠤᠨ ᠦᠵᠡᠰᠭᠦᠯᠡᠩ ᠳ᠋ᠤ ᠤᠷᠤᠯᠴᠠᠭᠤᠯᠪᠠ᠃ 《ᠦᠵᠡᠯ ᠰᠠᠨᠠᠭ᠎ᠠ ᠪᠡᠷ ᠠᠶᠠᠨ ᠵᠠᠮ ᠵᠢᠡᠨ ᠭᠡᠢᠭᠦᠯᠦᠶ᠎ᠡ》 ᠭᠤᠤᠯ ᠰᠡᠳᠦᠪᠲᠤ ᠦᠪᠦᠷ ᠮᠤᠩᠭᠤᠯ ᠤ᠋ᠨ ᠤᠷᠠᠨ ᠵᠢᠷᠤᠭ ᠤ᠋ᠨ ᠤᠷᠳᠤᠨ ᠤ᠋ ᠬᠠᠳᠠᠭᠠᠯᠠᠮᠵᠢ ᠵᠢᠨ ᠪᠦᠲᠦᠭᠡᠯ ᠤ᠋ᠨ ᠦᠵᠡᠰᠭᠦᠯᠡᠩ ᠳ᠋ᠤ ᠮᠠᠨ ᠤ᠋ ᠤᠷᠤᠨ ᠤ᠋ ᠬᠥᠭ᠌ᠵᠢᠯᠲᠡ᠂ ᠡᠬᠡ ᠪᠠᠢᠭᠠᠯᠢ᠂ ᠬᠥᠮᠦᠨ ᠰᠣᠶᠣᠯ ᠢ᠋ ᠭᠦᠢᠴᠡᠳ ᠬᠠᠷᠠᠭᠤᠯᠤᠭ᠍ᠰᠠᠨ 58 ᠰᠣᠳᠣᠨ ᠪᠦᠲᠦᠭᠡᠯ ᠢ᠋ ᠲᠠᠯᠬᠡᠪᠡ᠃ ᠡᠭᠦᠨ ᠤ᠋ ᠳᠣᠲᠣᠷᠠᠬᠢ ᠬᠡᠰᠡᠭ ᠪᠦᠲᠦᠭᠡᠯ ᠢ᠋ ᠲᠤᠰ ᠬᠤᠭᠤᠴᠠᠭᠠᠨ ᠤ᠋ ᠰᠤᠶᠤᠯ ᠤ᠋ᠨ ᠨᠠᠢᠷ ᠵᠢᠡᠷ ᠠᠩᠬ᠎ᠠ ᠤᠳᠠᠭ᠎ᠠ ᠳᠡᠯᠭᠡᠨ ᠦᠵᠡᠭᠦᠯᠵᠦ᠍ ᠪᠤᠢ᠃ ᠦᠵᠡᠰᠭᠦᠯᠡᠩ ᠵᠢᠠᠷ ᠳᠠᠮᠵᠢᠨ ᠱᠢᠨ᠎ᠡ ᠴᠠᠭ ᠦᠶᠡᠶ᠋ᠢᠨ ᠪᠦᠬᠦ ᠤᠷᠤᠨ ᠤ᠋ ᠦᠨᠳᠦᠰᠦᠲᠡᠨ ᠨᠤᠭᠦᠳ ᠤ᠋ᠨ ᠤᠯᠠᠨ ᠲᠦᠮᠡᠨ ᠪᠦᠯᠬᠦᠮᠳᠡᠨ ᠨᠢᠭ᠍ᠲᠠᠷᠠᠵᠤ᠂ ᠰᠡᠳᠭᠢᠯ ᠨᠢᠭᠡᠳᠦᠨ ᠳᠤᠮᠳᠠᠳᠤᠶ᠋ᠢᠨ ᠵᠡᠭᠦᠳᠦ᠍ ᠶ᠋ᠢ ᠬᠠᠮᠲᠤ ᠪᠠᠷ ᠲᠡᠷᠭᠡᠯᠱᠢᠭᠦᠯᠬᠦ᠌ ᠡᠷᠡᠰ ᠪᠠᠲᠤ ᠢᠲᠡᠭᠡᠯ ᠵᠣᠷᠢᠭ ᠢ᠋ ᠬᠠᠷᠠᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤᠶ᠋ᠢ ᠴᠢᠷᠮᠠᠢᠨ ᠪᠢᠴᠢᠭ᠌ᠯᠡᠬᠦ᠌ ᠳ᠋ᠤ ᠤᠳᠭ᠎ᠠ ᠤᠷᠠᠯᠢᠭ ᠤ᠋ᠨ ᠬᠦᠴᠦᠨ ᠴᠢᠳᠠᠯ ᠵᠢᠡᠨ ᠡᠷᠭᠦᠬᠦ᠌ᠶ᠋ᠢ ᠵᠤᠷᠢᠵᠠᠢ᠃
ᠤᠢᠯᠠᠭᠠᠭᠰᠠᠨ ᠵᠢᠡᠷ᠂ ᠡᠨᠡ ᠬᠤᠶᠠᠷ ᠦᠵᠡᠰᠭᠦᠯᠡᠩᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠭᠣᠸ᠋ᠯᠯᠠᠨ ᠡᠷᠭᠢᠯᠡᠵᠦ᠍᠂ ᠥᠪᠥᠷ ᠮᠣᠩᠭᠣᠯ ᠤ᠋ᠨ ᠤᠷᠠᠨ ᠵᠢᠷᠤᠭ ᠤ᠋ᠨ ᠣᠷᠳᠣᠨ ᠂ ᠥᠪᠥᠷ ᠮᠣᠩᠭᠣᠯ ᠤ᠋ᠨ ᠤᠷᠠᠨ ᠵᠢᠷᠤᠭ᠍ᠴᠢᠳ ᠤ᠋ᠨ ᠨᠡᠢᠭᠡᠮᠯᠢᠭ ᠵᠡᠷᠭᠡ ᠨᠢᠭᠡᠴᠢ ᠡᠴᠡ ᠲᠠᠭᠠᠭᠠᠴᠢᠯᠠᠨ ᠡᠷᠭᠢᠯᠡᠵᠤ ᠂ 7 ᠰᠠᠷ᠎ᠠ ᠵᠢᠨ 8 ᠡᠴᠡ 8 ᠰᠠᠷ᠎ᠠ ᠵᠢᠨ 6 ᠤ᠋ ᠡᠳᠦᠷ ᠪᠤᠯᠲᠠᠯ᠎ᠠ ᠶᠠᠪᠤᠭᠳᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃