ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-14 10:06:06

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

7 ᠰᠠᠷ᠎ᠠ ᠵᠢᠨ 13 ᠤ᠋ ᠦᠳᠡ ᠵᠢᠨ ᠡᠮᠤᠨ᠎ᠠ᠂ ᠦᠪᠦᠷ ᠮᠤᠩᠭᠤᠯ ᠤ᠋ᠨ ᠮᠦᠽᠸᠢ ᠵᠢᠨ ᠳᠦᠷᠪᠡᠳᠦᠭᠡᠷ ᠳᠠᠪᠬᠤᠷᠯᠢᠭ ᠤ᠋ᠨ ᠦᠵᠡᠬᠦᠯᠬᠡ ᠵᠢᠨ ᠲᠢᠩᠬᠢᠮ ᠳ᠋ᠤ ᠠᠯᠬᠤᠨ ᠤᠷᠤᠬᠤ ᠳ᠋ᠤ ᠬᠤᠶᠠᠷ ᠬᠠᠵᠠᠭᠤ ᠵᠢᠨ ᠬᠡᠷᠡᠮ ᠬᠠᠨ᠎ᠠ ᠶ᠋ᠢ ᠭᠤᠤᠯ ᠰᠡᠳᠦᠪ ᠲᠠᠢ ᠪᠡᠨ ᠤᠶᠠᠯᠳᠤᠭᠤᠯᠤᠨ ᠴᠢᠯᠠᠭᠤ ᠪᠡᠷ ᠵᠠᠰᠠᠵᠤ ᠴᠢᠮᠡᠭᠯᠡᠭᠰᠡᠨ ᠪᠦᠭᠡᠳ ᠲᠠᠯᠬᠡᠨ ᠦᠵᠡᠬᠦᠯᠬᠡ ᠵᠢᠨ ᠲᠤᠪᠴᠢ ᠲᠠᠨᠢᠯᠴᠠᠭᠤᠯᠭ᠎ᠠ ᠪᠠᠨ ᠴᠢᠯᠠᠭᠤᠨ ᠳᠡᠭᠡᠷ᠎ᠡ ᠬᠢᠲᠠᠳ᠂ ᠮᠤᠩᠭᠤᠯ᠂ ᠠᠩᠭᠯᠢ ᠭᠤᠷᠪᠠᠨ ᠬᠡᠯᠡ ᠪᠡᠷ ᠬᠠᠳᠠᠵᠤ᠂ ᠬᠦᠮᠦᠰ ᠢ᠋ ᠪᠠᠯᠠᠷ ᠡᠷᠳᠡ ᠪᠠ ᠬᠦᠷᠡᠯ ᠪᠠᠭᠠᠵᠢ ᠵᠢᠨ ᠦᠶ᠎ᠡ ᠳ᠋ᠤ ᠭᠱᠠᠨ ᠵᠠᠭᠤᠷ᠎ᠠ ᠭᠡᠷᠡᠯ ᠤ᠋ᠨ ᠬᠤᠷᠳᠤ ᠪᠡᠷ ᠠᠪᠠᠴᠢᠭᠰᠠᠨ ᠰᠢᠬ ᠎ᠰᠡᠳᠬᠢᠭᠳᠡᠯ ᠦᠭᠭᠦᠨ᠎ᠡ᠃


DSC04386.JPG


DSC04351.JPG


ᠡᠨᠡ ᠪᠤᠯ ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠤᠷ ᠮᠤᠩᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠰᠢᠷᠢᠰ ᠦᠵᠡᠭᠦᠯᠭᠡ ᠵᠢᠨ ᠨᠢᠬᠡ ᠪᠤᠯᠬᠤ 《ᠪᠤᠯᠪᠠᠰᠤᠨ ᠤ᠋ ᠦᠦᠷ ᠤ᠋ᠨ ᠲᠤᠶᠠᠭ᠎ᠠ — ᠦᠪᠦᠷ ᠮᠤᠩᠭᠤᠯ ᠤᠷᠤᠨ ᠤ᠋ ᠪᠠᠯᠠᠷ ᠡᠷᠳᠡ ᠪᠠ ᠬᠦᠷᠡᠯ ᠪᠠᠭᠠᠵᠢ ᠵᠢᠨ ᠦᠶ᠎ᠡ ᠵᠢᠨ ᠲᠡᠦᠬᠡ ᠰᠤᠶᠤᠯ ᠤ᠋ᠨ ᠳᠡᠯᠭᠡᠨ ᠦᠵᠡᠭᠦᠯᠭᠡ》 ᠶᠤᠮᠰᠠᠨ᠃ ᠦᠪᠡᠷᠲᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ᠋ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠲᠤᠪᠴᠢᠶ᠎ᠡ ᠡᠴᠡ ᠭᠤᠤᠯᠳᠠᠯᠭ᠎ᠠ ᠲᠠᠢ ᠲᠠᠨᠢᠯᠴᠠᠭᠤᠯᠬᠤ ᠪᠤᠢ ᠡᠨᠡ ᠬᠦ᠌ ᠦᠵᠡᠬᠦᠯᠬᠡ ᠨᠢ ᠬᠠᠭᠤᠴᠢᠨ ᠴᠢᠯᠠᠭᠤᠨ ᠵᠡᠪᠰᠡᠭ ᠤ᠋ᠨ ᠦᠶ᠎ᠡ᠂ ᠱᠢᠨ᠎ᠡ ᠴᠢᠯᠠᠭᠤᠨ ᠵᠡᠪᠰᠡᠭ ᠤ᠋ᠨ ᠦᠶ᠎ᠡ ᠪᠠ ᠬᠦᠷᠡᠯ ᠪᠠᠭᠠᠵᠢ ᠵᠢᠨ ᠦᠶ᠎ᠡ᠎ᠶ᠋ᠢᠨ ᠡᠷᠲᠡᠨ ᠤ᠋ ᠬᠠᠭᠤᠴᠢ ᠰᠤᠳᠤᠯᠤᠯ ᠤ᠋ᠨ ᠰᠣᠶᠣᠯ ᠭᠡᠬᠦ᠌ ᠭᠤᠷᠪᠠᠨ ᠶᠡᠬᠡ ᠬᠡᠰᠡᠭ ᠵᠢᠡᠷ ᠪᠦᠷᠢᠯᠳᠤᠵᠤ᠂ 60 ᠵᠢᠯ ᠤ᠋ᠨ ᠲᠤᠷᠰᠢᠬᠢ ᠦᠪᠤᠷ ᠮᠤᠩᠭᠤᠯ ᠤᠷᠤᠨ ᠡᠴᠡ ᠮᠠᠯᠲᠠᠵᠤ ᠭᠠᠷᠭᠠᠭ᠍ᠰᠠᠨ ᠲᠥᠯᠥᠭᠡᠯᠡᠬᠦ᠌ ᠴᠢᠨᠠᠷᠲᠠᠶ ᠬᠤᠪᠤᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠢᠯᠡᠰ ᠪᠣᠯᠤᠨ ᠬᠣᠯᠪᠣᠭ᠍ᠳᠠᠯ ᠪᠦᠬᠦᠢ ᠬᠠᠭᠤᠴᠢ ᠰᠤᠳᠤᠯᠤᠯ ᠤ᠋ᠨ ᠦᠷ᠎ᠡ ᠪᠦᠲᠦᠭᠡᠯ ᠵᠢᠡᠷ ᠰᠠᠭᠤᠷᠢ ᠪᠤᠯᠭᠠᠨ᠂ ᠳᠤᠮᠳᠠᠳᠤ ᠶ᠋ᠢᠨ ᠪᠣᠯᠪᠠᠰᠤᠨ ᠤ᠋ ᠡᠭᠦᠰᠦᠯ ᠤ᠋ᠨ ᠠᠬᠢᠴᠠ ᠳ᠋ᠠᠬᠢ ᠦᠪᠦᠷ ᠮᠤᠩᠭᠤᠯ ᠤᠷᠤᠨ ᠤ᠋ ᠪᠠᠯᠠᠷ ᠡᠷᠳᠡ ᠪᠠ ᠬᠦᠷᠡᠯ ᠪᠠᠭᠠᠵᠢ ᠵᠢᠨ ᠦᠶ᠎ᠠ ᠵᠢᠨ ᠴᠢᠬᠤᠯᠠ ᠦᠢᠯᠡᠳᠦᠯ ᠢ᠋ ᠠᠳᠠᠯᠢ ᠪᠤᠰᠤ ᠬᠠᠷᠠᠭᠠᠰᠤ ᠡᠴᠡ ᠳᠦᠭᠦᠮ ᠤᠢᠯᠠᠭᠠᠮᠵᠢᠲᠠᠢ ᠪᠡᠷ ᠦᠵᠡᠬᠦᠯᠦᠭᠰᠡᠨ ᠪᠠᠢᠨ᠎ᠠ᠃


DSC04368.JPG


DSC04340.JPG


《ᠰᠤᠶᠤᠯ ᠤ᠋ᠨ ᠨᠠᠢᠷ ᠤ᠋ᠨ ᠬᠤᠭᠤᠴᠠᠭᠠᠨ ᠳ᠋ᠤ ᠡᠨᠳᠡ ᠦᠵᠡᠭᠦᠯᠭᠡ ᠵᠢᠨ ᠠᠵᠢᠯᠯᠠᠭ᠎ᠠ ᠦᠷᠨᠢᠭᠦᠯᠵᠤ ᠪᠠᠢᠨ᠎ᠠ ᠭᠡᠵᠤ ᠳᠤᠭᠤᠯᠤᠭᠠᠳ ᠠᠴᠢ ᠬᠡᠦᠬᠡᠨ ᠲᠠᠢ ᠪᠡᠨ ᠬᠤᠶᠠᠭᠤᠯᠠ ᠢᠷᠡᠯ᠎ᠡ᠃ ᠦᠵᠡᠭᠦᠯᠭᠡ ᠪᠦᠷᠢ ᠨᠢ ᠴᠦᠮ ᠦᠪᠡᠷ ᠤ᠋ᠨ ᠤᠨᠴᠠᠯᠢᠭ ᠲᠠᠢ ᠪᠠᠢᠵᠤ ᠨᠠᠳᠠᠳᠤ ᠮᠠᠰᠢ ᠲᠠᠭᠠᠯᠠᠭᠳᠠᠭᠰᠠᠠ᠃ ᠦᠵᠡᠬᠦ ᠦᠬᠡᠢ ᠤᠤ? ᠡᠨᠡ ᠬᠦᠮᠦᠨ ᠭᠠᠬᠠᠢ ᠬᠤᠶᠠᠷ ᠢ᠋ ᠬᠠᠮᠲᠤ ᠤᠷᠤᠰᠢᠭᠤᠯᠤᠭᠰᠠᠨ ᠪᠠᠢᠳᠠᠯ ᠢ᠋ ᠰᠡᠷᠭᠦᠭᠡᠭᠰᠡᠨ ᠨᠢ ᠪᠠᠯᠠᠷ ᠡᠷᠲᠡᠨ ᠤ᠋ ᠱᠠᠰᠢᠨ ᠰᠢᠲᠦᠯᠭᠡ ᠵᠢ ᠬᠠᠷᠠᠭᠤᠯᠵᠤ ᠪᠠᠢᠨ᠎ᠠ ᠰᠢᠤ》 ᠬᠡᠵᠤ ᠲᠠᠯᠬᠡᠨ ᠦᠵᠡᠬᠦᠯᠬᠡ ᠵᠢ ᠰᠤᠨᠢᠷᠬᠠᠵᠤ ᠶᠠᠪᠤᠭ᠎ᠠ ᠬᠦᠬᠡᠬᠤᠲᠠ ᠵᠢᠨ ᠸᠠᠩ ᠠᠪᠠᠬᠠᠢ ᠶᠠᠷᠢᠨ᠎ᠠ᠃ 《ᠪᠤᠯᠪᠠᠰᠤᠨ ᠤ᠋ ᠦᠦᠷ ᠤ᠋ᠨ ᠲᠤᠶᠠᠭ᠎ᠠ — ᠦᠪᠦᠷ ᠮᠤᠩᠭᠤᠯ ᠤᠷᠤᠨ ᠤ᠋ ᠪᠠᠯᠠᠷ ᠡᠷᠳᠡ ᠪᠠ ᠬᠦᠷᠡᠯ ᠪᠠᠭᠠᠵᠢ ᠵᠢᠨ ᠦᠶ᠎ᠡ ᠵᠢᠨ ᠲᠡᠦᠬᠡ ᠰᠤᠶᠤᠯ ᠤ᠋ᠨ ᠳᠡᠯᠭᠡᠨ ᠦᠵᠡᠭᠦᠯᠭᠡ》 ᠪᠤᠯ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ ᠤ᠋ᠨ ᠤᠢ ᠳ᠋ᠤ ᠲᠡᠪᠰᠢᠬᠦᠯᠦᠭᠰᠡᠨ ᠲᠤᠰᠬᠠᠢ ᠦᠵᠡᠬᠦᠯᠬᠡ ᠪᠠᠢᠵᠤ᠂ ᠤᠳᠤᠬᠠᠨ ᠪᠤᠯᠳᠠᠯ᠎ᠠ ᠪᠠᠢᠩᠭᠤ ᠵᠢᠨ ᠴᠢᠨᠠᠷᠲᠠᠢ ᠪᠡᠷ ᠳᠡᠯᠭᠡᠨ ᠦᠵᠡᠭᠦᠯᠵᠤ ᠪᠤᠢ᠃


DSC04393.JPG


DSC04344.JPG


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面