ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-16 11:14:36

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

ᠬᠤᠯᠠ ᠵᠢᠨ ᠤᠷᠤᠯᠳᠤᠭᠠᠨ ᠳ᠋ᠤ ᠰᠢᠨᠳᠠᠰᠤ ᠪᠡᠨ ᠰᠤᠷᠢᠵᠤ ᠢᠷᠡᠭᠰᠡᠨ ᠮᠤᠩᠭᠤᠯ ᠮᠤᠷᠢ ᠂ ᠤᠶᠠᠭᠠᠨ ᠳᠡᠭᠡᠷ᠎ᠡ ᠦᠦᠷᠰᠡᠨ ᠡᠵᠡᠨ ᠵᠢᠡᠨ ᠬᠦᠯᠢᠶᠡᠵᠤ ᠪᠤᠢ ᠬᠦᠬᠡᠷᠤᠬᠦᠨ ᠮᠤᠷᠢ᠂ ᠨᠢᠳᠤ ᠦᠭᠡᠢ ᠰᠢᠭᠤᠷᠭ᠎ᠠ ᠶ᠋ᠢ ᠦᠯᠦ ᠬᠠᠢᠬᠤᠷᠤᠨ ᠰᠠᠯᠬᠢ ᠰᠦᠷᠴᠦ ᠡᠷᠡᠯᠬᠡᠭᠯᠡᠨ ᠳᠠᠪᠬᠢᠵᠤ ᠪᠠᠢᠭ᠎ᠠ ᠮᠤᠩᠭᠤᠯ ᠠᠳᠤᠭᠤᠳ ᠁ ᠭᠡᠷᠡᠯ ᠵᠢᠷᠤᠭᠴᠢᠨ ᠸᠠᠩ ᠵᠸᠩ ᠫᠢᠩ ᠤ᠋ᠨ 《ᠮᠤᠩᠭᠤᠯ ᠮᠤᠷᠢ ᠯᠤᠭ᠎ᠠ ᠵᠢᠨ ᠰᠢᠪᠡᠨᠡᠯ》 ᠭᠤᠤᠯ ᠰᠡᠳᠦᠪᠲᠤ ᠭᠡᠷᠡᠯ ᠵᠢᠷᠤᠭ ᠤ᠋ᠨ ᠦᠵᠡᠭᠦᠯᠭᠡ ᠵᠢᠨ ᠪᠦᠲᠦᠭᠡᠯ ᠪᠦᠷᠢ ᠨᠢ ᠦᠪᠡᠷ ᠦᠪᠡᠷ ᠤ᠋ᠨ ᠤᠳᠬ᠎ᠠ ᠠᠭᠤᠯᠭ᠎ᠠ ᠲᠠᠢ ᠪᠤᠯᠪᠠᠴᠦ ᠡᠳᠡᠭᠡᠷ ᠰᠤᠳᠤᠨ ᠰᠠᠢᠬᠠᠨ ᠭᠡᠷᠡᠯ ᠵᠢᠷᠤᠭ ᠤ᠋ᠳ ᠢ᠋ ᠬᠠᠷᠠᠭᠰᠠᠨ ᠬᠦᠮᠦᠨ ᠪᠤᠯᠭᠠᠨ ᠳ᠋ᠤ 《ᠮᠤᠩᠭᠤᠯ ᠮᠤᠷᠢᠨ ᠤ᠋ ᠵᠤᠷᠢᠭ ᠰᠠᠨᠠᠭ᠎ᠠ》 ᠶ᠋ᠢ ᠦᠪᠡᠷ ᠤ᠋ᠨ ᠡᠷᠬᠡ ᠦᠬᠡᠢ ᠬᠤᠯᠪᠤᠨ ᠪᠤᠳᠤᠭᠳᠠᠭᠤᠯᠤᠨ᠎ᠠ᠃


微信图片_20230717092842.jpg


ᠦᠪᠦᠷ ᠮᠤᠩᠭᠤᠯ ᠤ᠋ᠨ ᠤᠷᠠᠨ ᠵᠢᠷᠤᠭ ᠤ᠋ᠨ ᠤᠷᠳᠤᠨ ᠤ᠋ ᠬᠤᠶᠠᠳᠤᠭᠠᠷ ᠳᠠᠪᠬᠤᠷᠯᠢᠭ ᠤ᠋ᠨ ᠵᠡᠭᠦᠨ ᠲᠠᠯ᠎ᠠ ᠵᠢᠨ ᠲᠢᠩᠬᠢᠮ ᠳ᠋ᠤ ᠲᠠᠯᠬᠡᠭᠳᠡᠵᠤ ᠪᠠᠢᠭ᠎ᠠ ᠸᠠᠩ ᠵᠸᠩ ᠫᠢᠩ ᠤ᠋ᠨ 《ᠮᠤᠩᠭᠤᠯ ᠮᠤᠷᠢ ᠯᠤᠭ᠎ᠠ ᠵᠢᠨ ᠰᠢᠪᠡᠨᠡᠯ》 ᠠᠳᠤᠭᠤᠨ ᠤ᠋ ᠰᠡᠳᠦᠪᠲᠤ ᠬᠠᠷ᠎ᠠ ᠴᠠᠭᠠᠨ ᠭᠡᠷᠡᠯ ᠵᠢᠷᠤᠭ ᠤ᠋ᠨ ᠦᠵᠡᠭᠦᠯᠭᠡ ᠪᠤᠯ ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠦᠷ ᠮᠤᠩᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠰᠢᠷᠢᠰ ᠦᠵᠡᠭᠦᠯᠭᠡ ᠵᠢᠨ ᠨᠢᠭᠡ ᠪᠤᠯᠤᠨ᠎ᠠ᠃ 《ᠮᠤᠷᠢ ᠶ᠋ᠢ ᠰᠡᠭᠦᠳᠡᠷᠯᠡᠨ᠎ᠡ ᠭᠡᠭᠴᠢ ᠦᠨᠡᠨᠳᠡᠭᠡᠨ ᠮᠤᠷᠢ ᠲᠠᠢ ᠤᠬᠠᠭᠠᠨ ᠪᠢᠯᠢᠭ᠂ ᠲᠡᠰᠪᠦᠷᠢ ᠳᠡᠪᠴᠢᠶᠡᠷᠢ ᠪᠠᠨ ᠰᠤᠷᠢᠵᠤ ᠪᠠᠢᠭ᠎ᠠ ᠶᠠᠪᠤᠳᠠᠯ ᠪᠤᠯᠬᠤ ᠶᠤᠮ》 ᠬᠡᠵᠤ ᠭᠡᠷᠡᠯ ᠵᠢᠷᠤᠭᠴᠢᠨ ᠸᠠᠩ ᠵᠸᠩ ᠫᠢᠩ ᠪᠠᠢᠩᠭᠤ ᠶᠠᠷᠢᠳᠠᠭ᠃ ᠲᠡᠷᠡ ᠮᠤᠷᠢᠨ ᠳ᠋ᠤ ᠬᠠᠢᠷᠠᠲᠠᠢ ᠮᠦᠷᠳᠡᠬᠡᠨ ᠨᠡᠩ ᠴᠤ᠌ ᠮᠤᠷᠢ ᠰᠡᠭᠦᠳᠡᠷᠯᠡᠬᠦ ᠳᠤᠷ᠎ᠠ ᠪᠠᠬᠠᠲᠠᠢ ᠶᠤᠮ᠃


微信图片_20230717092823.jpg


ᠬᠠᠮᠤᠭ ᠠᠩᠬ᠎ᠠ 2014 ᠤᠨ ᠳ᠋ᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤ᠋ᠨ ᠺᠠᠳ᠋ᠷ ᠤᠯᠠᠨ ᠲᠦᠮᠡᠨ ᠢ᠋ ᠠᠵᠢᠯ ᠬᠢᠵᠦ᠍ ᠦᠢᠯᠡᠰ ᠪᠤᠰᠭᠠᠬᠤ ᠳ᠋ᠠᠭᠠᠨ ᠲᠡᠰᠪᠦᠷᠢ ᠬᠠᠲᠠᠭᠤᠵᠢᠯᠲᠠᠢ᠂ ᠴᠤᠴᠠᠯᠳᠠ ᠦᠬᠡᠢ ᠤᠷᠤᠬᠰᠢᠯᠠᠵᠤ᠂ ᠵᠤᠷᠢᠬᠰᠠᠨ ᠳ᠋ᠠᠭᠠᠨ ᠵᠠᠪᠠᠯ ᠬᠦᠷᠬᠦ 《ᠮᠣᠩᠭᠣᠯ ᠮᠣᠷᠢᠨ ᠤ᠋ ᠵᠣᠷᠢᠭ ᠰᠠᠨᠠᠭ᠎ᠠ》 ᠲᠠᠢ ᠪᠠᠢᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃ ᠸᠠᠩ ᠵᠸᠩ ᠫᠢᠩ ᠲᠡᠷᠡ ᠦᠶ᠎ᠡ ᠡᠴᠡ ᠡᠬᠢᠯᠡᠨ ᠬᠦᠳᠡᠬᠡ ᠨᠤᠲᠤᠭ ᠵᠢᠡᠷ ᠭᠦᠨᠵᠡᠭᠡᠢᠷᠡᠵᠤ᠂ ᠲᠡᠰᠪᠦᠷᠢ ᠲᠡᠪᠴᠢᠶᠡᠷᠢ ᠲᠠᠢ ᠮᠤᠩᠭᠤᠯ ᠮᠤᠷᠢᠳ᠎ᠤᠨ ᠭᠢᠯᠠᠰ ᠬᠤᠷᠤᠮ᠎ᠢ ᠭᠡᠷᠡᠯ ᠵᠢᠷᠤᠭ ᠤ᠋ᠨ ᠮᠠᠰᠢᠨ ᠵᠢᠡᠷ ᠵᠢᠡᠨ ᠮᠦᠩᠬᠡᠯᠡᠨ ᠦᠯᠡᠳᠡᠭᠡᠵᠤ᠂ ᠭᠡᠷᠡᠯ ᠵᠢᠷᠤᠭ ᠵᠢᠡᠷ ᠵᠢᠡᠨ ᠲᠠᠮᠵᠢᠨ ᠨᠡᠩ ᠤᠯᠠᠨ ᠬᠦᠮᠦᠨ ᠳ᠋ᠤ 《ᠮᠤᠩᠭᠤᠯ ᠮᠤᠷᠢᠨ ᠤ᠋ ᠵᠤᠷᠢᠭ ᠰᠠᠨᠠᠭ᠎ᠠ》 ᠶ᠋ᠢ ᠤᠬᠠᠭᠤᠯᠬᠤ ᠶ᠋ᠢ ᠵᠤᠷᠢᠵᠠᠢ᠃


微信图片_20230717092837.jpg


ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠭᠣᠸ᠋ᠯᠯᠠᠨ ᠡᠷᠭᠢᠯᠡᠵᠦ᠍᠂ ᠪᠤᠭᠤᠲᠤ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠬᠠᠭᠤᠯᠬᠤ ᠬᠡᠯᠲᠡᠰ᠂ ᠥᠪᠥᠷ ᠮᠣᠩᠭᠣᠯ ᠤ᠋ᠨ ᠤᠷᠠᠨ ᠵᠢᠷᠤᠭ ᠤ᠋ᠨ ᠣᠷᠳᠣᠨ ᠡᠴᠡ ᠳᠠᠭᠠᠭᠠᠴᠢᠯᠠᠨ ᠡᠷᠭᠢᠯᠡᠭ᠌ᠰᠡᠨ ᠸᠠᠩ ᠵᠸᠩ ᠫᠢᠩ ᠤ᠋ᠨ 《ᠮᠤᠩᠭᠤᠯ ᠮᠤᠷᠢ ᠯᠤᠭ᠎ᠠ ᠵᠢᠨ ᠰᠢᠪᠡᠨᠡᠯ》 ᠭᠤᠤᠯ ᠰᠡᠳᠦᠪᠲᠤ ᠭᠡᠷᠡᠯ ᠵᠢᠷᠤᠭ ᠤ᠋ᠨ ᠦᠵᠡᠭᠦᠯᠭᠡ ᠳ᠋ᠤ 90 ᠰᠢᠬᠠᠮ ᠮᠤᠩᠭᠤᠯ ᠮᠤᠷᠢᠨ ᠤ᠋ ᠭᠡᠷᠡᠯ ᠵᠢᠷᠤᠭ ᠢ᠋ ᠬᠠᠮᠤᠷᠴᠤ᠂ 8 ᠰᠠᠷ᠎ᠠ ᠵᠢᠨ 6 ᠤ᠋ ᠡᠳᠤᠷ ᠪᠤᠯᠳᠠᠯ᠎ᠠ ᠦᠪᠤᠷ ᠮᠤᠡᠭᠭᠤᠯ ᠤ᠋ᠨ ᠤᠷᠠᠨ ᠵᠢᠷᠤᠭ ᠤ᠋ᠨ ᠤᠷᠳᠤᠨ ᠳ᠋ᠤ ᠳᠡᠯᠭᠡᠨ ᠦᠵᠡᠭᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面