2023-07-22 15:31:59
7 ᠰᠠᠷ᠎ᠠ ᠢ᠋ᠢᠨ 21 ᠤ᠋ ᠤᠷᠤᠢ᠂ 《ᠡᠷᠡᠯᠭᠡᠭ ᠠᠷᠰᠯᠠᠨ ᠢᠷᠦᠭᠡᠯ ᠳᠡᠪᠰᠢᠭᠦᠯᠦᠨ᠎ᠠ》 ᠬᠡᠬᠦ ᠳᠤᠭᠯᠠᠯᠳᠠ ᠪᠡᠷ ᠳᠥᠷᠪᠡᠳᠦᠭᠡᠷ ᠬᠤᠭᠤᠴᠠᠭᠠᠨ ᠤ᠋ ᠤᠮᠠᠷᠠᠲᠤ ᠵᠢᠨ ᠲᠠᠪᠤᠨ ᠮᠣᠵᠢ ᠣᠷᠣᠨ (ᠬᠣᠲᠠ) ᠤ᠋ ᠰᠢᠯᠢᠳᠡᠭ ᠼᠢᠷᠺ (ᠶᠧᠯᠸᠢ) ᠤ᠋ᠨ ᠦᠵᠡᠭᠦᠯᠭᠡ ᠵᠢᠨ ᠲᠣᠭᠯᠠᠯᠲᠠ ᠦᠪᠦᠷ ᠮᠤᠡᠭᠭᠤᠯ ᠤ᠋ᠨ ᠤᠷᠠᠯᠢᠭ ᠵᠦᠴᠦᠭᠡ ᠢ᠋ᠢᠨ ᠬᠦᠷᠢᠶᠡᠯᠡᠡᠭ ᠤ᠋ᠨ ᠳᠠᠭᠤᠤ ᠬᠦᠭᠵᠢᠮ ᠤ᠋ᠨ ᠳᠢᠩᠬᠢᠮ ᠳ᠋ᠤ ᠬᠦᠰᠢᠭᠡ ᠪᠠᠨ ᠰᠡᠬᠦᠯ᠎ᠠ᠃
ᠳᠥᠷᠪᠡᠳᠦᠭᠡᠷ ᠬᠤᠭᠤᠴᠠᠭᠠᠨ ᠤ᠋ ᠤᠮᠠᠷᠠᠲᠤ ᠵᠢᠨ ᠲᠠᠪᠤᠨ ᠮᠣᠵᠢ ᠣᠷᠣᠨ (ᠬᠣᠲᠠ) ᠤ᠋ ᠰᠢᠯᠢᠳᠡᠭ ᠼᠢᠷᠺ (ᠶᠧᠯᠸᠢ) ᠤ᠋ᠨ ᠦᠵᠡᠭᠦᠯᠭᠡ ᠵᠢᠨ ᠲᠣᠭᠯᠠᠯᠲᠠ ᠪᠤᠯ ᠬᠣᠷᠢᠲᠣᠭᠠᠷ ᠬᠣᠭᠣᠴᠠᠭᠠᠨ ᠤ᠋ ᠲᠣᠮᠲᠠᠲᠣ ᠣᠯᠣᠰ·ᠦᠪᠦᠷ ᠮᠣᠩᠭᠣᠯ ᠤ᠋ᠨ ᠲᠠᠯ᠎ᠠ ᠨᠣᠲᠣᠬ ᠤ᠋ᠨ ᠰᠣᠶᠣᠯ ᠤ᠋ᠨ ᠨᠠᠢᠷ ᠤ᠋ᠨ ᠴᠢᠬᠤᠯᠠ ᠨᠢᠬᠡᠨ ᠠᠭᠤᠯᠭ᠎ᠠ ᠪᠠᠢᠵᠤ᠂ 《ᠲᠠᠪᠴᠠᠩ ᠪᠠᠢᠭᠤᠯᠵᠤ᠂ ᠰᠣᠳᠣᠨ ᠪᠦᠲᠦᠭᠡᠯ ᠭᠠᠷᠭᠠᠨ᠂ ᠰᠢᠨ᠎ᠡ ᠬᠥᠮᠦᠨ ᠢ᠋ ᠢᠯᠡᠷᠡᠭᠦᠯᠵᠤ᠂ ᠬᠥᠭᠵᠢᠯᠲᠡ ᠵᠢ ᠠᠬᠢᠭᠤᠯᠤᠶ᠎ᠠ》 ᠭᠡᠳᠡᠭ ᠵᠢᠡᠷ ᠭᠣᠣᠯ ᠰᠡᠳᠦᠪ ᠪᠣᠯᠭᠠᠨ᠂ ᠤᠮᠠᠷᠠᠲᠤ ᠵᠢᠨ ᠲᠠᠪᠤᠨ ᠮᠣᠵᠢ ᠣᠷᠣᠨ (ᠬᠣᠲᠠ) ᠤ᠋ ᠼᠢᠷᠺ (ᠶᠧᠯᠸᠢ) ᠤ᠋ᠨ ᠰᠢᠨ᠎ᠡ ᠵᠢ ᠡᠭᠦᠳᠬᠦ᠂ ᠴᠢᠳᠠᠪᠤᠷᠢᠲᠠᠨ ᠢ᠋ ᠬᠥᠮᠦᠵᠢᠭᠦᠯᠬᠦ ᠵᠢᠴᠢ ᠠᠵᠢᠯ ᠲᠥᠷᠥᠯ ᠤ᠋ᠨ ᠬᠥᠭᠵᠢᠯᠲᠡ ᠳ᠋ᠦ᠍ ᠲᠤᠰᠭᠠᠢ ᠮᠡᠷᠭᠡᠵᠢᠯ ᠤ᠋ᠨ ᠴᠢᠨᠠᠷᠲᠠᠢ ᠳᠡᠭᠡᠳᠦ ᠳᠡᠰ ᠳᠠᠪᠬᠤᠷᠭ᠎ᠠ ᠵᠢᠨ ᠠᠵᠢᠯ ᠲᠥᠷᠥᠯ ᠤ᠋ᠨ ᠰᠣᠯᠢᠯᠴᠠᠭᠠᠨ ᠤ᠋ ᠲᠠᠪᠴᠠᠩ ᠪᠠ ᠰᠣᠳᠣᠨ ᠪᠦᠲᠦᠭᠡᠯ ᠤ᠋ᠨ ᠦᠵᠡᠭᠦᠯᠭᠡ ᠵᠢᠨ ᠲᠠᠪᠴᠠᠩ ᠢ᠋ ᠬᠠᠩᠭᠠᠪᠠ᠃ ᠲᠤᠰ ᠬᠤᠭᠤᠴᠠᠭᠠᠨ ᠤ᠋ ᠦᠵᠡᠭᠦᠯᠭᠡ ᠵᠢᠨ ᠪᠦᠲᠦᠭᠡᠯ ᠳ᠋ᠤ ᠣᠢᠷ᠎ᠠ ᠵᠢᠨ ᠵᠢᠯ ᠤ᠋ᠨ ᠲᠤᠷᠰᠢᠬᠢ ᠤᠮᠠᠷᠠᠲᠤ ᠵᠢᠨ ᠲᠠᠪᠤᠨ ᠮᠣᠵᠢ ᠣᠷᠣᠨ (ᠬᠣᠲᠠ) ᠤ᠋ ᠬᠠᠮᠢᠶ᠎ᠠ ᠪᠦᠬᠦᠢ ᠬᠦᠷᠢᠶᠡᠯᠡᠩ ᠪᠦᠯᠬᠦᠮ᠂ ᠰᠢᠨ᠎ᠡ ᠤᠳᠭ᠎ᠠ ᠤᠷᠠᠯᠢᠭ ᠤ᠋ᠨ ᠬᠠᠮᠲᠤᠯᠢᠭ ᠤ᠋ᠨ ᠰᠢᠨ᠎ᠡ ᠵᠢ ᠡᠭᠦᠳᠦᠭᠰᠡᠨ 10 ᠪᠦᠲᠦᠭᠡᠯ ᠢ᠋ ᠰᠣᠩᠭᠣᠨ ᠤᠷᠤᠯᠴᠠᠭᠤᠯᠬᠤ ᠵᠢᠨ ᠬᠠᠮᠳᠤ ᠪᠠᠰᠠ ᠤᠮᠠᠷᠠᠲᠤ ᠵᠢᠨ ᠲᠠᠪᠤᠨ ᠮᠣᠵᠢ ᠣᠷᠣᠨ (ᠬᠣᠲᠠ) ᠤ᠋ ᠤᠯᠤᠰ ᠤ᠋ᠨ ᠳᠣᠲᠣᠭᠠᠳᠤ ᠭᠠᠳᠠᠭᠠᠳᠤ ᠵᠢᠨ ᠲᠡᠷᠢᠭᠦᠨ ᠳᠡᠰ ᠤ᠋ᠨ ᠤᠷᠤᠯᠳᠤᠭᠠᠨ ᠳ᠋ᠤ ᠠᠯᠲᠠᠨ ᠮᠧᠳᠠᠯ ᠣᠯᠤᠭᠰᠠᠨ ᠪᠦᠲᠦᠭᠡᠯ ᠢ᠋ ᠤᠷᠢᠨ ᠦᠵᠡᠭᠦᠯᠭᠡ ᠳ᠋ᠦ᠍ ᠣᠷᠣᠯᠴᠠᠭᠤᠯᠵᠤ᠂ ᠠᠵᠢᠯ ᠲᠥᠷᠥᠯ ᠤ᠋ᠨ ᠰᠣᠯᠢᠯᠴᠠᠭ᠎ᠠ ᠰᠤᠷᠤᠯᠴᠠᠯᠭ᠎ᠠ ᠵᠢ ᠠᠬᠢᠭᠤᠯᠤᠨ᠂ ᠰᠢᠨ᠎ᠡ ᠬᠥᠮᠦᠨ ᠦ᠌ ᠰᠢᠨ᠎ᠡ ᠪᠦᠲᠦᠭᠡᠯ ᠳ᠋ᠦ᠍ ᠦᠯᠢᠭᠡᠷ ᠳᠠᠭᠤᠷᠢᠶᠠᠯ ᠦᠵᠡᠭᠦᠯᠵᠤ᠂ ᠵᠣᠬᠢᠶᠠᠨ ᠪᠦᠲᠦᠭᠡᠬᠦ ᠤᠷᠮ᠎ᠠ ᠵᠢ ᠨᠢ ᠴᠢᠨᠠᠭᠰᠢᠳᠠ ᠬᠥᠭᠵᠢᠭᠡᠭᠰᠡᠨ ᠪᠠᠢᠨ᠎ᠠ᠃
《ᠪᠢᠳᠠ 2 ᠵᠦᠢᠯ ᠤ᠋ᠨ ᠶᠧᠯᠸᠢ ᠪᠣᠯᠤᠨ ᠱᠣᠭ ᠵᠦᠴᠦᠭᠡ ᠵᠢᠨ ᠪᠦᠳᠦᠬᠡᠯ ᠵᠢᠡᠨ ᠠᠪᠴᠢᠷᠠᠯ᠎ᠠ᠂ ᠡᠨᠡ ᠪᠤᠯ ᠪᠡᠭᠡᠵᠢᠩ ᠵᠦᠴᠦᠭᠡ ᠵᠢᠨ ᠦᠨᠤᠷ ᠠᠮᠳᠠ ᠳᠠᠢ ᠲᠢᠶᠠᠨᠵᠢᠨ ᠤ᠋ ᠣᠨᠴᠠᠯᠢᠭᠲᠤ ᠤᠷᠠᠯᠢᠭ ᠤ᠋ᠨ ᠪᠦᠳᠦᠭᠡᠯ ᠪᠤᠯᠬᠤ ᠶᠤᠮ᠃ ᠪᠢᠳᠠ ᠲᠤᠭᠯᠠᠯᠳᠠ ᠪᠡᠷ ᠲᠠᠮᠵᠢᠨ ᠲᠢᠶᠠᠨᠵᠢᠨ ᠤ᠋ ᠴᠣᠭ ᠵᠢᠪᠬᠤᠭ᠎ᠠ ᠵᠢ ᠥᠪᠥᠷ ᠮᠣᠩᠭᠣᠯ ᠤ᠋ᠨ ᠣᠯᠠᠨ ᠲᠦᠮᠡᠨ ᠳ᠋ᠦ᠍ ᠳᠠᠨᠢᠭᠤᠯᠬᠤ ᠵᠢᠨ ᠬᠠᠮᠳᠤ᠂ ᠪᠤᠰᠤᠳ ᠮᠣᠵᠢ ᠤᠷᠤᠨ ᠬᠤᠳᠠ ᠵᠢᠨ ᠰᠢᠯᠢᠳᠡᠭ ᠰᠤᠶᠤᠯ ᠤᠷᠠᠯᠢᠭ ᠢ᠋ ᠢᠳᠡᠪᠬᠢᠳᠠᠢ ᠰᠤᠷᠤᠯᠴᠠᠨ᠎ᠠ》 ᠭᠡᠵᠤ ᠲᠢᠶᠠᠨᠵᠢᠨ ᠬᠣᠲᠠ ᠵᠢᠨ ᠼᠢᠷᠺ ᠤ᠋ᠨ ᠪᠦᠯᠬᠦᠮ ᠤ᠋ᠨ ᠲᠣᠭᠯᠠᠭᠴᠢ ᠸᠠᠩ ᠯᠧᠢ ᠰᠤᠷᠪᠤᠯᠵᠢᠯᠠᠭ᠎ᠠ ᠬᠦᠯᠢᠶᠡᠭᠦ ᠳ᠋ᠡᠭᠡᠨ ᠬᠡᠯᠡᠨ᠎ᠡ᠃ 《〈ᠡᠷᠡᠯᠭᠡᠭ ᠠᠷᠰᠯᠠᠨ ᠢᠷᠦᠭᠡᠯ ᠳᠡᠪᠰᠢᠭᠦᠯᠦᠨ᠎ᠠ〉 ᠬᠡᠬᠦ ᠲᠤᠰ ᠦᠳᠡᠰᠢᠯᠡᠭᠡ ᠵᠢᠨ ᠠᠩᠬᠠᠨ ᠤ᠋ ᠲᠣᠭᠯᠠᠯᠲᠠ ᠵᠢ ᠬᠠᠷᠢᠭᠤᠴᠠᠨ ᠳᠤᠭᠯᠠᠭᠰᠠᠨ ᠳ᠋ᠠᠭᠠᠨ ᠰᠡᠳᠬᠢᠯ ᠮᠠᠰᠢ ᠦᠨᠳᠦᠷ ᠪᠠᠢᠨ᠎ᠠ᠃ ᠮᠠᠨ ᠤ᠋ ᠬᠢᠨ ᠡᠴᠡ 30 ᠭᠠᠷᠤᠢ ᠳᠤᠭᠯᠠᠭᠴᠢ ᠣᠷᠣᠯᠴᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠯᠤᠤ ᠠᠷᠰᠯᠠᠨ ᠤ᠋ ᠵᠣᠷᠢᠭ ᠰᠠᠨᠠᠭ᠎ᠠ᠂ ᠠᠷᠰᠯᠠᠨ ᠪᠥᠵᠢᠭ ᠤ᠋ᠨ ᠴᠣᠭ ᠵᠢᠪᠬᠤᠭ᠎ᠠ ᠵᠢ ᠳᠡᠯᠭᠡᠵᠦ᠂ ᠦᠵᠡᠭᠴᠢ ᠤᠯᠠᠨ ᠳ᠋ᠠᠭᠠᠨ ᠳᠤᠮᠳᠠᠳᠤ ᠵᠢᠨ ᠤᠯᠠᠮᠵᠢᠯᠠᠯᠲᠤ ᠰᠣᠶᠣᠯ ᠢ᠋ ᠰᠤᠨᠢᠷᠬᠠᠭᠤᠯᠬᠤ ᠵᠢ ᠵᠤᠷᠢᠭᠰᠠᠨ ᠶᠤᠮ》 ᠭᠡᠵᠤ ᠥᠪᠥᠷ ᠮᠣᠩᠭᠣᠯ ᠤ᠋ᠨ ᠰᠢᠶᠠᠩ ᠱᠧᠩ ᠯᠤᠤ ᠠᠷᠰᠯᠠᠨ ᠤ᠋ ᠼᠢᠷᠺ ᠤ᠋ᠨ ᠪᠦᠯᠬᠦᠮ ᠤ᠋ᠨ ᠳᠠᠷᠤᠭ᠎ᠠ ᠼᠦᠢ ᠯᠢᠦ ᠶᠠᠷᠢᠵᠤ ᠪᠠᠢᠯ᠎ᠠ᠃
ᠰᠤᠷᠪᠤᠯᠵᠢᠯᠠᠭᠴᠢ ᠴᠤᠪᠤᠭᠤ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃