2023-07-21 10:03:10
7 ᠰᠠᠷ᠎ᠠ ᠵᠢᠨ 20 ᠤ᠋ ᠤᠷᠤᠢ᠂ ᠬᠣᠷᠢᠲᠣᠭᠠᠷ ᠬᠣᠭᠣᠴᠠᠭᠠᠨ ᠤ᠋ ᠲᠣᠮᠲᠠᠲᠣ ᠣᠯᠣᠰ·ᠦᠪᠦᠷ ᠮᠣᠩᠭᠣᠯ ᠤ᠋ᠨ ᠲᠠᠯ᠎ᠠ ᠨᠣᠲᠣᠬ ᠤ᠋ᠨ ᠰᠣᠶᠣᠯ ᠤ᠋ᠨ ᠨᠠᠢᠷ ᠤ᠋ᠨ ᠴᠢᠬᠤᠯᠠ ᠨᠢᠬᠡᠨ ᠠᠭᠤᠯᠭ᠎ᠠ ᠪᠣᠯᠤᠭᠰᠠᠨ ᠵᠢᠷᠭᠤᠳᠤᠭᠠᠷ ᠬᠤᠭᠤᠴᠠᠭᠠᠨ ᠤ᠋ ᠳᠤᠮᠳᠠᠳᠤ ᠤᠯᠤᠰ (ᠬᠠᠲᠤᠨ ᠭᠣᠣᠯ ᠤ᠋ᠨ ᠰᠠᠪᠠ ᠭᠠᠵᠠᠷ) ᠤ᠋ᠨ ᠰᠢ ᠵᠦᠴᠦᠬᠡ ᠵᠢᠨ ᠤᠯᠠᠭᠠᠨ ᠲᠡᠷᠢᠬᠦᠯᠡᠭᠴᠢ ᠴᠡᠴᠡᠭᠳᠤ ᠤᠷᠤᠯᠳᠤᠭᠠᠨ ᠬᠦᠬᠡᠬᠤᠳᠠ ᠵᠢᠨ ᠦᠨᠳᠦᠰᠤᠳᠠᠨ ᠤ᠋ ᠲᠢᠶᠠᠲᠷ ᠲᠦ᠍ ᠡᠬᠢᠯᠡᠪᠠ᠃


ᠤᠮᠠᠷᠠᠲᠤ ᠬᠢᠯᠢ ᠳ᠋ᠦ᠍ ᠪᠣᠯᠵᠣᠵᠤ ᠳᠤᠮᠳᠠᠳᠤ ᠪᠠᠨ ᠮᠠᠭᠲᠠᠨ ᠳᠠᠭᠤᠯᠠᠨ᠎ᠠ᠃ ᠤᠷᠤᠯᠳᠤᠭᠠᠨ ᠳ᠋ᠤ ᠤᠷᠤᠯᠴᠠᠭᠰᠠᠳ ᠤᠷᠭᠢᠯᠤᠮ᠎ᠠ ᠬᠠᠯᠠᠭᠤᠨ ᠰᠡᠳᠬᠢᠯᠭᠡ ᠪᠡᠷ ᠦᠪᠡᠷ ᠦᠪᠡᠷ ᠤ᠋ᠨ ᠠᠪᠢᠶᠠᠰ ᠴᠢᠳᠠᠪᠤᠷᠢ ᠪᠠᠨ ᠬᠦᠢᠴᠡᠳ ᠪᠠᠳᠠᠷᠠᠭᠤᠯᠵᠤ᠂ ᠳᠤᠮᠳᠠᠳᠤ ᠵᠢᠨ ᠤᠯᠠᠮᠵᠢᠯᠠᠯᠲᠤ ᠰᠣᠶᠣᠯ ᠤ᠋ᠨ ᠭᠠᠢᠬᠠᠮᠰᠢᠭ ᠢ᠋ ᠭᠠᠢᠬᠠᠭᠤᠯᠤᠨ᠎ᠠ᠃ ᠬᠠᠲᠤᠨ ᠭᠣᠣᠯ ᠤ᠋ᠨ ᠰᠠᠪᠠ ᠭᠠᠵᠠᠷ ᠤ᠋ᠨ ᠬᠠᠮᠤᠭ ᠤ᠋ᠨ ᠶᠡᠬᠡ ᠨᠥᠯᠥᠭᠡᠯᠡᠬᠦ ᠬᠦᠴᠦᠨ ᠲᠡᠢ ᠰᠢ ᠵᠦᠴᠦᠭᠡ ᠵᠢᠨ ᠦᠪᠡᠳᠡᠭᠰᠢ ᠠᠵᠢᠯᠯᠠᠭ᠎ᠠ ᠵᠢᠨ ᠨᠢᠭᠡ ᠪᠣᠯᠤᠭᠰᠠᠨ ᠤ᠋ ᠬᠤᠪᠢ ᠳ᠋ᠤ᠌ ᠂ ᠳᠤᠰ ᠤᠳᠠᠭ᠎ᠠ ᠵᠢᠨ ᠤᠷᠤᠯᠳᠤᠭᠠᠨ ᠨᠢ ᠬᠠᠲᠤᠨ ᠭᠣᠣᠯ ᠤ᠋ᠨ ᠰᠠᠪᠠ ᠭᠠᠵᠠᠷ ᠤ᠋ᠨ ᠰᠢ ᠳᠠᠭᠤᠷᠢᠯᠢᠭ ᠤ᠋ᠨ ᠰᠣᠶᠣᠯ ᠤ᠋ᠨ ᠰᠣᠯᠢᠯᠴᠠᠭ᠎ᠠ ᠵᠢᠴᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠵᠢ ᠠᠬᠢᠭᠤᠯᠵᠤ᠂ ᠬᠠᠲᠤᠨ ᠭᠣᠣᠯ ᠤ᠋ᠨ ᠰᠠᠪᠠ ᠭᠠᠵᠠᠷ ᠡᠴᠡ ᠢᠷᠡᠭᠰᠡᠨ 15 ᠮᠣᠵᠢ ᠬᠣᠲᠠ ᠣᠷᠣᠨ ᠵᠢᠴᠢ ᠰᠢᠨᠵᠢᠶᠠᠩ ᠤ᠋ᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠵᠢᠨ ᠪᠢᠩᠲ᠋ᠤᠸᠠᠨ ᠤ᠋ 140 ᠰᠢᠬᠠᠮ ᠲᠤᠭᠯᠠᠭᠴᠢ 4 ᠡᠳᠦᠷ ᠤ᠋ᠨ ᠲᠤᠷᠰᠢ 8 ᠲᠠᠯᠠᠪᠤᠷ ᠤᠷᠤᠯᠳᠤᠭᠠᠨ ᠳ᠋ᠤ ᠤᠷᠤᠯᠴᠠᠬᠤ ᠪᠤᠯᠤᠨ᠎ᠠ᠃ ᠤᠷᠤᠯᠳᠤᠭᠠᠨ ᠳ᠋ᠤ ᠣᠷᠣᠯᠴᠠᠭᠰᠠᠨ ᠪᠦᠲᠦᠭᠡᠯ ᠳ᠋ᠦ᠍ ᠪᠡᠭᠡᠵᠢᠩ ᠵᠦᠴᠦᠭᠡ᠂ ᠺᠦᠨᠱᠠᠨ ᠵᠦᠴᠦᠭᠡ᠂ ᠾᠧᠨᠠᠨ ᠵᠦᠴᠦᠭᠡ᠂ ᠰᠧᠴᠤᠸᠠᠨ ᠵᠦᠴᠦᠭᠡ᠂ ᠴᠢᠨ ᠤ᠋ ᠠᠶᠠᠯᠭᠤ᠂ ᠡᠯ ᠷᠧᠨ ᠲᠡᠢ ᠵᠦᠴᠦᠭᠡ᠂ ᠮᠠᠩᠬᠠᠨ ᠵᠦᠴᠦᠭᠡ᠂ ᠮᠣᠩᠭᠣᠯ ᠵᠦᠴᠦᠭᠡ᠂ ᠯᠢᠦᠢ ᠵᠦᠴᠦᠭᠡ᠂ ᠾᠧᠪᠧᠢ ᠵᠢᠨ ᠪᠠᠩᠽᠢ᠂ ᠳᠠᠭᠤᠷᠢᠯᠢᠭ ᠵᠡᠷᠭᠡ 30 ᠰᠢᠬᠠᠮ ᠵᠦᠴᠦᠭᠡ ᠵᠢᠨ ᠲᠥᠷᠥᠯ ᠪᠤᠢ᠃ 《ᠳᠤᠮᠳᠠᠳᠤ ᠤᠯᠤᠰ (ᠬᠠᠲᠤᠨ ᠭᠣᠣᠯ ᠤ᠋ᠨ ᠰᠠᠪᠠ ᠭᠠᠵᠠᠷ) ᠤ᠋ᠨ ᠰᠢ ᠵᠦᠴᠦᠬᠡ ᠵᠢᠨ ᠤᠯᠠᠭᠠᠨ ᠲᠡᠷᠢᠬᠦᠯᠡᠭᠴᠢ ᠴᠡᠴᠡᠭᠳᠤ ᠤᠷᠤᠯᠳᠤᠭᠠᠨ 1997 ᠣᠨ ᠳ᠋ᠤ᠌ ᠠᠩᠬ᠎ᠠ ᠡᠷᠬᠢᠯᠡᠭᠰᠡᠨᠡᠴᠡ ᠨᠡᠭᠠᠰᠢ ᠨᠢᠭᠡᠨᠲᠡ ᠲᠠᠪᠤᠨ ᠬᠤᠭᠤᠴᠠᠭ᠎ᠠ ᠶᠠᠪᠤᠭᠳᠠᠪᠠ᠃ ᠤᠷᠤᠯᠳᠤᠭᠠᠨ ᠨᠢ ᠭᠡᠷᠡᠯ ᠰᠠᠴᠤᠷᠠᠩᠭᠤᠢ ᠬᠠᠲᠤᠨ ᠭᠣᠣᠯ ᠤ᠋ᠨ ᠪᠣᠯᠪᠠᠰᠤᠨ ᠳ᠋ᠤ᠌ ᠠᠩᠬᠠᠷᠤᠯ ᠵᠢᠠᠨ ᠬᠠᠨᠳᠤᠭᠤᠯᠵᠤ᠂ ᠰᠢ ᠵᠦᠴᠦᠭᠡ ᠵᠢᠨ ᠤᠷᠠᠯᠢᠭ ᠤ᠋ᠨ ᠬᠡᠯᠪᠡᠷᠢ ᠪᠡᠷ ᠳᠤᠮᠳᠠᠳᠤ ᠤᠯᠤᠰ ᠤ᠋ᠨ ᠦᠯᠢᠭᠡᠷ ᠢ᠋ ᠰᠠᠢᠲᠤᠷ ᠶᠠᠷᠢᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠢ᠋ ᠪᠠᠳᠠᠷᠠᠭᠤᠯᠤᠨ ᠳᠡᠯᠭᠡᠷᠡᠭᠦᠯᠵᠦ᠂ ᠲᠠᠢᠰᠠᠨ ᠤ᠋ ᠤᠷᠠᠯᠢᠭ ᠤ᠋ᠨ ᠰᠣᠯᠢᠯᠴᠠᠭ᠎ᠠ ᠪᠠ ᠮᠥᠷᠭᠥᠯᠳᠦᠯ ᠵᠢᠡᠷ ᠳᠠᠮᠵᠢᠨ ᠳᠤᠮᠳᠠᠳᠤ ᠵᠢᠨ ᠤᠯᠠᠮᠵᠢᠯᠠᠯᠲᠤ ᠰᠢ ᠳᠠᠭᠤᠷᠢᠯᠢᠭ ᠤ᠋ᠨ ᠰᠣᠶᠣᠯ ᠤ᠋ᠨ ᠤᠯᠠᠮᠵᠢᠯᠠᠯ ᠪᠠ ᠬᠥᠭᠵᠢᠯᠲᠡ ᠵᠢ ᠠᠬᠢᠭᠤᠯᠤᠭᠰᠠᠨ ᠪᠠᠢᠨ᠎ᠠ》 ᠭᠡᠵᠦ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠵᠢᠨ ᠳᠡᠳ᠋ ᠲᠡᠷᠢᠭᠦᠯᠡᠭᠴᠢ ᠬᠠᠢ ᠱᠠᠨ ᠲᠠᠨᠢᠯᠴᠠᠭᠤᠯᠤᠨ᠎ᠠ᠃


- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃