ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-08-03 17:13:13

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

8 ᠰᠠᠷ᠎ᠠ ᠶ᠋ᠢᠨ 2 ᠤ᠋ᠨ ᠤᠷᠤᠢ ᠂ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠭᠤᠤᠯᠯᠠᠨ ᠡᠷᠭᠢᠯᠡᠵᠦ᠍ ᠂ ᠥᠪᠥᠷ ᠮᠣᠩᠭᠣᠯ ᠤ᠋ᠨ ᠳᠠᠭᠤᠤ ᠬᠦᠭᠵᠢᠮ ᠤ᠋ᠨ ᠨᠡᠢᠭᠡᠮᠯᠢᠭ ᠡᠴᠡ ᠳᠠᠭᠠᠭᠠᠴᠢᠯᠠᠨ ᠡᠷᠭᠢᠯᠡᠭ᠌ᠰᠡᠨ ᠳᠤᠮᠳᠠᠳᠤ ᠤᠯᠤᠰ ᠤ᠋ᠨ ᠫᠢᠫᠠ ᠤᠷᠠᠯᠢᠭ ᠤ᠋ᠨ ᠦᠵᠡᠭᠦᠯᠭᠡ ᠶ᠋ᠢᠨ ᠲᠤᠭᠯᠠᠯᠲᠠ — 2023 ᠨᠠᠷᠠᠳᠤ ᠬᠦᠭᠵᠢᠮᠴᠢᠳ ᠤ᠋ᠨ ᠰᠤᠩᠭᠤᠳᠠᠭ ᠲᠠᠭᠤᠤ ᠬᠦᠭᠵᠢᠮ ᠤ᠋ᠨ ᠴᠢᠭᠤᠯᠭᠠᠨ ᠦᠪᠤᠷ ᠮᠤᠩᠭᠤᠯ ᠤ᠋ᠨ ᠤᠯᠠᠭᠠᠨ ᠲᠢᠶᠠᠲ᠋ᠷ ᠲᠦ᠍ ᠶᠠᠪᠤᠭᠳᠠᠪᠠ ᠃

ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠦᠷ ᠮᠤᠡᠭᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠴᠢᠬᠤᠯᠠ ᠨᠢᠬᠡᠨ ᠠᠭᠤᠯᠭ᠎ᠠ ᠪᠤᠯᠤᠭᠰᠠᠨ ᠳᠤᠮᠳᠠᠳᠤ ᠤᠯᠤᠰ ᠤ᠋ᠨ ᠫᠢᠫᠠ ᠤᠷᠠᠯᠢᠭ ᠤ᠋ᠨ ᠦᠵᠡᠭᠦᠯᠭᠡ ᠶ᠋ᠢᠨ ᠲᠤᠭᠯᠠᠯᠲᠠ ᠳ᠋ᠦ ᠠᠯᠳᠠᠷᠲᠤ ᠬᠥᠭ᠌ᠵᠢᠮᠴᠢᠨ ᠂ ᠰᠤᠷᠭᠠᠨ ᠬᠦᠮᠦᠵᠢᠯᠳᠡᠨ ᠂ ᠤᠯᠤᠰ ᠤ᠋ᠨ ᠨᠢᠭᠡᠳᠦᠭᠡᠷ ᠳᠡᠰ ᠤ᠋ᠨ ᠬᠥᠭ᠌ᠵᠢᠮᠴᠢᠨ ᠂ ᠳᠤᠮᠳᠠᠳᠤ ᠤᠯᠤᠰ ᠤ᠋ᠨ ᠦᠨᠳᠦᠰᠦᠲᠡᠨ ᠤ᠋ ᠤᠷᠺᠸᠰᠲ᠋ᠷᠠ ᠶ᠋ᠢᠨ ᠨᠡᠢᠭᠡᠮᠯᠢᠭ ᠤ᠋ᠨ ᠫᠢᠫᠠ ᠶ᠋ᠢᠨ ᠲᠤᠰᠭᠠᠶ ᠮᠡᠷᠭᠡᠵᠢᠯ ᠤ᠋ᠨ ᠵᠥᠪᠯᠡᠯ ᠤ᠋ᠨ ᠳᠠᠷᠤᠭ᠎ᠠ ᠴᠧᠨ ᠶᠢᠨ ᠂ ᠳᠤᠮᠳᠠᠳᠤ ᠤᠯᠤᠰ ᠤ᠋ᠨ ᠳᠠᠭᠤᠤ ᠬᠥᠭ᠌ᠵᠢᠮ ᠤ᠋ᠨ ᠳᠡᠭᠡᠳᠦ ᠰᠤᠷᠭᠠᠭᠤᠯᠢ ᠶ᠋ᠢᠨ ᠫᠷᠤᠹᠸᠰᠰᠤᠷ ᠂ ᠳ᠋ᠤᠺᠲ᠋ᠤᠷᠨᠨᠲ ᠤ᠋ᠨ ᠵᠢᠯᠤᠭᠤᠳᠤᠭᠴᠢ ᠪᠠᠭᠰᠢ ᠶᠠᠩ ᠵᠢᠩ ᠂ ᠲᠥᠪ ᠤ᠋ᠨ ᠳᠠᠭᠤᠤ ᠬᠥᠭ᠌ᠵᠢᠮ ᠤ᠋ᠨ ᠳᠡᠭᠡᠳᠦ ᠰᠤᠷᠭᠠᠭᠤᠯᠢ ᠶ᠋ᠢᠨ ᠫᠷᠤᠹᠸᠰᠰᠤᠷ ᠂ ᠳ᠋ᠤᠺᠲ᠋ᠤᠷᠨᠨᠲ ᠤ᠋ᠨ ᠵᠢᠯᠤᠭᠤᠳᠤᠭᠴᠢ ᠪᠠᠭᠰᠢ ᠵᠠᠩ ᠴᠢᠶᠠᠩ ᠂ ᠹᠠᠨ ᠸᠧᠶ ᠂ ᠯᠢ ᠬᠣᠶ ᠵᠢᠴᠢ ᠤᠯᠤᠰ ᠤ᠋ᠨ ᠨᠢᠭᠡᠳᠦᠭᠡᠷ ᠳᠡᠰ ᠤ᠋ᠨ ᠬᠥᠭ᠌ᠵᠢᠮᠴᠢᠨ ᠂ ᠲᠥᠪ ᠤ᠋ᠨ ᠦᠨᠳᠦᠰᠦᠲᠡᠨ ᠤ᠋ ᠳᠠᠭᠤᠤ ᠬᠥᠭ᠌ᠵᠢᠮ ᠤ᠋ᠨ ᠪᠦᠯᠬᠦᠮ ᠤ᠋ᠨ ᠫᠢᠫᠠ ᠶ᠋ᠢᠨ ᠲᠡᠷᠢᠭᠦᠨ ᠬᠦᠭᠵᠢᠮᠴᠢᠨ ᠳ᠋ᠦᠩ ᠱᠢᠶᠤᠤ ᠯᠢᠨ ᠵᠡᠷᠭᠡ ᠫᠢᠫᠠ ᠤᠷᠠᠯᠢᠭ ᠤ᠋ᠨ ᠨᠠᠷᠠᠲᠤ ᠬᠥᠮᠦᠰ ᠮᠤᠷᠢᠯᠠᠨ ᠰᠠᠭᠠᠳᠠᠵᠤ ᠂ 《ᠴᠢᠨ ᠤᠯᠤᠰ ᠤ᠋ᠨ ᠬᠡᠤᠬᠡᠯᠳᠠᠢ》 ᠂ 《ᠲᠦᠷᠪᠡᠨ ᠵᠦᠭ ᠨᠢ᠋ᠮᠠᠨ ᠵᠤᠪᠬᠢᠰ ᠤ᠋ᠨ ᠪᠦᠭᠭᠦᠯᠲᠡ》 ᠂ 《ᠸᠸᠢᠢᠾᠸ ᠭᠤᠤᠯ ᠤ᠋ᠨ ᠳᠤᠷᠠᠰᠤᠮᠵᠢ》ᠵᠡᠷᠭᠡ ᠠᠶᠠᠰ ᠎ᠢ ᠬᠦᠭᠵᠢᠮᠳᠡᠬᠦ ᠪᠡᠷ ᠳᠠᠮᠵᠢᠨ ᠫᠢᠫᠠ ᠤᠷᠠᠯᠢᠭ ᠤ᠋ᠨ ᠤᠯᠠᠮᠵᠢᠯᠠᠯᠲᠤ ᠤᠳᠭ᠎ᠠ ᠰᠠᠨᠠᠭ᠎ᠠ ᠪᠠ ᠣᠲᠣ ᠦᠶ᠎ᠡ ᠶ᠋ᠢᠨ ᠵᠣᠷᠢᠭ ᠰᠠᠨᠠᠭ᠎ᠠ ᠵᠢ ᠳᠡᠯᠭᠡᠵᠦ ᠂ ᠬᠦᠷᠦᠯᠴᠡᠨ ᠢᠷᠡᠭᠰᠡᠨ ᠦᠵᠡᠭᠴᠢᠳ ᠲᠦ᠍ ᠲᠤᠮᠳᠠᠳᠤ ᠤᠯᠤᠰ ᠤ᠋ᠨ ᠫᠢᠫᠠ ᠤᠷᠠᠯᠢᠭ ᠤ᠋ᠨ ᠷᠢᠳᠢ ᠰᠢᠳᠢ ᠵᠢ ᠰᠤᠨᠢᠷᠬᠠᠭᠤᠯᠤᠭᠰᠠᠨ ᠪᠠᠢᠨ᠎ᠠ ᠃ ᠡᠭᠦᠨ ᠡᠴᠡ ᠭᠠᠳᠠᠨ᠎ᠠ ᠂《ᠵᠤᠤ ᠵᠢᠶᠦ᠋ᠨ ᠬᠤᠨᠳᠠᠭᠠᠲᠤ》 ᠦᠵᠡᠭᠦᠯᠭᠡ ᠶ᠋ᠢᠨ ᠲᠣᠭ᠍ᠯᠠᠯᠲᠠ ᠶ᠋ᠢᠨ ᠫᠢᠫᠠ ᠤᠷᠠᠯᠢᠭ ᠤ᠋ᠨ ᠬᠤᠤᠰᠯᠠᠯ ᠬᠦᠭᠵᠢᠮ ᠤ᠋ᠨ ᠳᠤᠭᠤᠢᠯᠠᠩ ᠂ ᠪᠠᠭᠠᠴᠤᠳ ᠤ᠋ᠨ A ᠳᠤᠭᠤᠢᠯᠠᠩ ᠂ ᠵᠠᠯᠠᠭᠤᠴᠤᠳ ᠤ᠋ᠨ A ᠳᠤᠭᠤᠢᠯᠠᠩ ᠤ᠋ᠨ ᠠᠯᠲᠠᠨ ᠮᠧᠳᠠᠯ ᠢ᠋ ᠭᠠᠷᠳᠠᠭᠰᠠᠳ ᠴᠦ᠍ ᠠᠪᠢᠶᠠᠰ ᠪᠢᠯᠢᠭ ᠵᠢᠡᠨ ᠰᠤᠷᠢᠵᠤ ᠂ ᠪᠠᠶᠠᠯᠢᠭ ᠰᠠᠢᠬᠠᠨ ᠬᠥᠭ᠌ᠵᠢᠮᠳᠡᠬᠦ᠌ ᠠᠷᠭ᠎ᠠ ᠪᠡᠷ ᠫᠢᠫᠠ ᠤᠷᠠᠯᠢᠭ ᠤ᠋ᠨ ᠰᠢᠯᠦᠭ ᠵᠢᠷᠤᠭ ᠮᠡᠲᠦ ᠭᠤᠢᠳᠠ ᠬᠠᠭᠤᠳᠠᠰᠤ ᠵᠢ ᠲᠠᠯᠬᠡᠪᠡ ᠃

ᠲᠣᠰ ᠤᠳᠠᠭ᠎ᠠ ᠵᠢᠨ ᠫᠢᠫᠠ ᠤᠷᠠᠯᠢᠭ ᠤ᠋ᠨ ᠦᠵᠡᠭᠦᠯᠭᠡ ᠶ᠋ᠢᠨ ᠲᠤᠭᠯᠠᠯᠲᠠ ᠨᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠨ᠂ ᠦᠨᠳᠦᠰᠦᠲᠡᠨ ᠨᠤᠭᠦᠳ ᠤ᠋ᠨ ᠬᠣᠭᠣᠷᠣᠨᠳᠣᠬᠢ ᠶᠠᠪᠤᠯᠴᠠᠭ᠎ᠠ ᠠᠭᠤᠰᠤᠯᠴᠠᠯ ᠢ᠋ ᠠᠬᠢᠭᠤᠯᠵᠤ ᠂ ᠥᠪᠥᠷ ᠮᠣᠩᠭᠣᠯ ᠤ᠋ᠨ ᠳᠠᠭᠤᠤ ᠬᠥᠭ᠌ᠵᠢᠮ ᠤ᠋ᠨ ᠵᠤᠬᠢᠶᠠᠨ ᠪᠦᠲᠦᠭᠡᠯᠬᠡ ᠵᠢᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠨ ᠂ 《ᠤᠮᠠᠷᠠᠲᠤ ᠬᠢᠯᠢ ᠶ᠋ᠢᠨ ᠰᠣᠶᠣᠯ》 ᠤ᠋ᠨ ᠲᠥᠷᠥᠯ ᠲᠡᠮᠳᠡᠭ ᠢ᠋ ᠲᠠᠭᠤᠷᠢᠰᠤᠭᠤᠯᠵᠤ ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠬᠠᠮᠠᠭᠠᠯᠠᠬᠤ ᠪᠠ ᠥᠪᠥᠷ ᠮᠣᠩᠭᠣᠯ ᠤ᠋ᠨ ᠫᠢᠫᠠ ᠤᠷᠠᠯᠢᠭ ᠤ᠋ᠨ ᠬᠥᠭ᠌ᠵᠢᠯᠲᠡ ᠵᠢ ᠠᠬᠢᠭᠤᠯᠬᠤ ᠳ᠋ᠤ ᠢᠳᠡᠪᠬᠢᠲᠡᠶ ᠦᠢᠯᠡᠳᠦᠯ ᠦᠵᠡᠭᠦᠯᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面