2023-07-25 09:51:55
7 ᠰᠠᠷ᠎ᠠ ᠵᠢᠨ 24 ᠤ᠋ ᠤᠷᠤᠢ᠂ ᠬᠣᠷᠢᠲᠣᠭᠠᠷ ᠬᠣᠭᠣᠴᠠᠭᠠᠨ ᠤ᠋ ᠲᠣᠮᠲᠠᠲᠣ ᠣᠯᠣᠰ·ᠦᠪᠦᠷ ᠮᠣᠩᠭᠣᠯ ᠤ᠋ᠨ ᠲᠠᠯ᠎ᠠ ᠨᠣᠲᠣᠬ ᠤ᠋ᠨ ᠰᠣᠶᠣᠯ ᠤ᠋ᠨ ᠨᠠᠢᠷ ᠤ᠋ᠨ ᠴᠢᠬᠤᠯᠠ ᠨᠢᠬᠡᠨ ᠠᠭᠤᠯᠭ᠎ᠠ ᠪᠣᠯᠤᠭᠰᠠᠨ ᠵᠢᠷᠭᠤᠳᠤᠭᠠᠷ ᠬᠤᠭᠤᠴᠠᠭᠠᠨ ᠤ᠋ ᠳᠤᠮᠳᠠᠳᠤ ᠤᠯᠤᠰ (ᠬᠠᠲᠤᠨ ᠭᠣᠣᠯ ᠤ᠋ᠨ ᠰᠠᠪᠠ ᠭᠠᠵᠠᠷ) ᠤ᠋ᠨ ᠰᠢ ᠵᠦᠴᠦᠬᠡ ᠵᠢᠨ ᠤᠯᠠᠭᠠᠨ ᠲᠡᠷᠢᠬᠦᠯᠡᠭᠴᠢ ᠴᠡᠴᠡᠭᠳᠤ ᠤᠷᠤᠯᠳᠤᠭᠠᠨ ᠤ᠋ ᠳᠡᠬᠦᠰᠬᠦ ᠶᠤᠰᠤᠯᠠᠯ ᠵᠢᠴᠢ ᠳᠤᠮᠳᠠᠳᠤ ᠶ᠋ᠢᠨ ᠰᠢ ᠵᠦᠴᠦᠭᠡ ᠶ᠋ᠢᠨ ᠨᠠᠷᠠᠲᠤ ᠬᠥᠮᠦᠰ ᠤ᠋ᠨ ᠰᠤᠩᠭᠤᠳᠠᠭ ᠪᠠᠳᠠᠭ ᠤ᠋ᠨ ᠲᠤᠭᠯᠠᠯᠳᠠ ᠦᠪᠦᠷ ᠮᠤᠨᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠳ᠋ᠦ ᠶᠠᠪᠤᠭᠳᠠᠪᠠ᠃

ᠲᠡᠭᠦᠰᠭᠦ ᠶᠣᠰᠣᠯᠠᠯ ᠲᠠᠬᠡᠷ᠎ᠠ ᠲᠤᠰ ᠬᠤᠭᠤᠴᠠᠭᠠᠨ ᠤ᠋ ᠤᠷᠤᠯᠳᠤᠭᠠᠨ ᠤ᠋ ᠰᠢᠯᠢᠳᠡᠭ ᠰᠠᠢᠨ ᠪᠦᠳᠦᠬᠡᠯ ᠳ᠋ᠤ ᠱᠠᠩᠨᠠᠯ ᠣᠯᠭᠣᠬᠰᠠᠨ ᠪᠥᠭᠡᠳ ᠲᠠᠷᠠᠭᠠᠴᠢ ᠶ᠋ᠢᠨ ᠬᠤᠭᠤᠴᠠᠭᠠᠨ ᠤ᠋ ᠤᠷᠤᠯᠳᠤᠭᠠᠨ ᠢ᠋ ᠭᠤᠤᠯᠯᠠᠨ ᠡᠷᠭᠢᠯᠡᠬᠦ᠌ ᠨᠢᠭᠡᠴᠢ ᠪᠤᠯᠬᠤ ᠭᠠᠨᠰᠦ ᠮᠤᠵᠢ ᠳ᠋ᠦ ᠤᠷᠤᠯᠳᠤᠭᠠᠨ ᠤ᠋ ᠲᠣᠭ ᠢ᠋ ᠲᠤᠱᠢᠶᠠᠵᠦ ᠂ ᠳᠣᠯᠣᠳᠤᠭᠠᠷ ᠬᠤᠭᠤᠴᠠᠭᠠᠨ ᠤ᠋ ᠳᠤᠮᠳᠠᠳᠤ ᠤᠯᠤᠰ (ᠬᠠᠲᠤᠨ ᠭᠤᠤᠯ ᠤ᠋ᠨ ᠰᠠᠪᠠ ᠭᠠᠵᠠᠷ) ᠤ᠋ᠨ ᠰᠢ ᠵᠦᠴᠦᠭᠡ ᠶ᠋ᠢᠨ ᠤᠯᠠᠭᠠᠨ ᠲᠡᠷᠢᠬᠦᠯᠡᠭᠴᠢ ᠴᠡᠴᠡᠭᠳᠤ ᠤᠷᠤᠯᠳᠤᠭᠠᠨ 2024 ᠣᠨ ᠳ᠋ᠦ ᠭᠠᠨᠰᠦ ᠮᠤᠵᠢ ᠳ᠋ᠦ ᠶᠠᠪᠤᠭ᠍ᠳᠠᠬᠤ ᠪᠤᠯᠤᠨ᠎ᠠ ᠃ ᠳᠤᠮᠳᠠᠳᠤ ᠶ᠋ᠢᠨ ᠰᠢ ᠵᠦᠴᠦᠭᠡ ᠶ᠋ᠢᠨ ᠨᠠᠷᠠᠲᠤ ᠬᠥᠮᠦᠰ ᠤ᠋ᠨ ᠰᠤᠩᠭᠤᠳᠠᠭ ᠪᠠᠳᠠᠭ ᠤ᠋ᠨ ᠲᠣᠭ᠍ᠯᠠᠯᠲᠠ ᠳ᠋ᠤ ᠲᠡᠷᠢᠭᠦᠯᠡᠭ᠌ᠴᠢ ᠴᠡᠴᠡᠭᠳᠦ ᠱᠠᠩᠨᠠᠯ ᠬᠦᠷᠳᠡᠭᠰᠡᠨ 10 ᠲᠣᠭ᠍ᠯᠠᠭ᠍ᠴᠢ ᠬᠦᠷᠦᠯᠴᠡᠨ ᠢᠷᠡᠵᠤ᠂ ᠪᠡᠭᠡᠵᠢᠩ ᠰᠢ 《ᠤᠯᠠᠭᠠᠨ ᠱᠢᠰᠢ》᠂ ᠰᠸᠴᠤᠸᠠᠨ ᠵᠦᠴᠦᠭᠡ 《ᠲᠡᠷᠢᠭᠦᠯᠡᠭ᠌ᠴᠢ ᠴᠡᠴᠡᠭ ᠤ᠋ᠨ ᠲᠠᠰᠤᠷᠬᠠᠶ ᠪᠠᠳᠠᠭ》 ᠂ ᠴᠢᠨ ᠤ᠋ ᠠᠶᠠᠯᠭᠤ 《ᠲᠡᠭᠷᠢ ᠶ᠋ᠢᠨ ᠳᠠᠭᠢᠨᠢ ᠴᠡᠴᠡᠭ ᠰᠠᠴᠤᠬᠰᠠᠨ》᠂ ᠱᠠᠨ ᠰᠢ ᠵᠦᠴᠦᠭᠡ 《ᠬᠠᠭᠠᠨ ᠰᠠᠭᠤᠳᠠᠯ ᠳ᠋ᠦ ᠰᠠᠭᠠᠳᠠᠬᠰᠠᠨ ᠨᠢ》 ᠵᠡᠷᠭᠡ 10 ᠭᠠᠷᠤᠢ ᠲᠥᠷᠥᠯ ᠤ᠋ᠨ ᠰᠢ ᠵᠦᠴᠦᠭᠡ ᠵᠢᠨ ᠰᠤᠩᠭᠤᠳᠠᠭ ᠪᠠᠳᠠᠭ ᠢ᠋ ᠲᠤᠭᠯᠠᠵᠤ ᠂ ᠰᠢ ᠲᠠᠭᠤᠤᠷᠢᠯᠢᠭ ᠤ᠋ᠨ ᠤᠷᠠᠯᠢᠭ ᠤ᠋ᠨ ᠥᠨᠢᠷ ᠪᠠᠶᠠᠯᠢᠭ ᠬᠥᠭ᠌ᠵᠢᠯ ᠪᠠᠳᠠᠷᠠᠯ ᠢ᠋ ᠢᠯᠡᠷᠡᠭᠦᠯᠵᠤ ᠂ ᠦᠵᠡᠭ᠌ᠴᠢ ᠤᠯᠠᠨ ᠳ᠋ᠤ ᠳᠤᠮᠳᠠᠳᠤ ᠶ᠋ᠢᠨ ᠰᠢ ᠵᠦᠴᠦᠭᠡ ᠶ᠋ᠢᠨ ᠦᠪᠡᠳᠡᠭ᠌ᠰᠢ ᠨᠠᠢᠷ ᠢ᠋ ᠰᠤᠨᠢᠷᠬᠠᠭᠤᠯᠪᠡ᠃

ᠵᠢᠷᠭᠤᠳᠤᠭᠠᠷ ᠬᠤᠭᠤᠴᠠᠭᠠᠨ ᠤ᠋ ᠳᠤᠮᠳᠠᠳᠤ ᠤᠯᠤᠰ (ᠬᠠᠲᠤᠨ ᠭᠤᠤᠯ ᠤ᠋ᠨ ᠰᠠᠪᠠ ᠭᠠᠵᠠᠷ) ᠤ᠋ᠨ ᠰᠢ ᠵᠦᠴᠦᠭᠡ ᠶ᠋ᠢᠨ ᠤᠯᠠᠭᠠᠨ ᠲᠡᠷᠢᠬᠦᠯᠡᠭᠴᠢ ᠴᠡᠴᠡᠭᠳᠤ ᠤᠷᠤᠯᠳᠤᠭᠠᠨ ᠤ᠋ ᠲᠡᠭᠦᠰᠭᠦ ᠶᠣᠰᠣᠯᠠᠯ ᠵᠢᠴᠢ ᠳᠤᠮᠳᠠᠳᠤ ᠶ᠋ᠢᠨ ᠰᠢ ᠵᠦᠴᠦᠭᠡ ᠶ᠋ᠢᠨ ᠨᠠᠷᠠᠲᠤ ᠬᠥᠮᠦᠰ ᠤ᠋ᠨ ᠰᠤᠩᠭᠤᠳᠠᠭ ᠪᠠᠳᠠᠭ ᠤ᠋ᠨ ᠲᠣᠭ᠍ᠯᠠᠯᠲᠠ ᠨᠢ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠵᠠᠯᠭᠠᠮᠵᠢᠯᠠᠨ ᠬᠥᠭ᠌ᠵᠢᠭᠦᠯᠵᠦ᠂ ᠰᠡᠳᠭᠢᠯ ᠨᠢᠬᠡᠳᠤᠨ ᠬᠦᠴᠦ᠍ ᠪᠡᠨ ᠬᠠᠮᠲᠤᠳᠭᠠᠵᠤ 《ᠤᠮᠠᠷᠠᠲᠤ ᠬᠢᠯᠢ ᠶ᠋ᠢᠨ ᠰᠣᠶᠣᠯ》 ᠤ᠋ᠨ ᠲᠦᠷᠦᠯ ᠲᠡᠮᠳᠡᠭ ᠢ᠋ ᠡᠭᠦᠳᠬᠦ᠌ ᠳ᠋ᠦ ᠢᠳᠡᠪᠬᠢ ᠠᠬᠢᠭᠤᠯᠬᠤ ᠦᠢᠯᠡᠳᠦᠯ ᠦᠵᠡᠭᠦᠯᠦᠭᠰᠡᠨ ᠢ᠋ᠶ᠋ᠡᠷ ᠪᠠᠷᠠᠬᠤ ᠦᠬᠡᠢ᠂ ᠪᠦᠬᠦ᠌ ᠣᠷᠣᠨ ᠤ᠋ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠳᠤᠮᠳᠠᠳᠤ ᠶ᠋ᠢᠨ ᠦᠨᠳᠦᠰᠦᠲᠡᠨ ᠤ᠋ ᠤᠯᠠᠮᠵᠢᠯᠠᠯᠲᠤ ᠰᠣᠶᠣᠯ ᠤ᠋ᠨ ᠲᠤᠬᠠᠢ ᠮᠡᠳᠡᠷᠡᠬᠦ᠌ ᠲᠦᠷᠦᠭᠳᠡᠯ ᠪᠠ ᠣᠮᠣᠭ᠍ᠰᠢᠬᠤ ᠲᠦᠷᠦᠭᠳᠡᠯ ᠢ᠋ ᠴᠢᠨᠠᠭᠰᠢᠳᠠ ᠨᠡᠮᠡᠭ᠌ᠳᠡᠭᠦᠯᠦᠭᠰᠡᠨ ᠪᠠᠢᠨ᠎ᠠ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃