ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-08-07 09:52:49

ᠵᠣᠬᠢᠶᠠᠭ᠍ᠴᠢ᠄ ᠬᠦᠭᠵᠢᠯᠳᠦ ᠸᠠᠩ ᠰᠢᠶᠤᠤ ᠮᠢᠩ ᠣᠩᠱᠢᠭ᠍ᠰᠠᠨ ᠣᠳᠠᠭ᠎ᠠ᠄ 3

ᠤᠮᠠᠷᠠᠳᠤ ᠭᠢᠯᠢ᠎ᠳᠤ ᠪᠤᠯᠵᠤᠵᠤ ᠲᠤᠮᠳᠠᠳᠤ ᠪᠡᠨ ᠮᠠᠬᠳᠠᠨ ᠲᠠᠭᠤᠯᠠᠨ᠎ᠠ


8 ᠰᠠᠷ᠎ᠠ ᠵᠢᠨ 6 ᠤ᠋ ᠤᠷᠤᠢ᠂ ᠬᠣᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠳᠡᠬᠦᠰᠬᠦ ᠶᠤᠰᠤᠯᠠᠯ ᠵᠢᠴᠢ ᠪᠦᠵᠢᠭ ᠤ᠋ᠨ ᠲᠤᠰᠬᠠᠢ ᠳᠠᠯᠠᠪᠠᠢ ᠲᠤᠭᠯᠠᠯᠳᠠ ᠦᠪᠦᠷ ᠮᠤᠨᠭᠭᠤᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠳᠠᠭᠤᠤ ᠬᠦᠭᠵᠢᠮ ᠤ᠋ᠨ ᠲᠢᠩᠬᠢᠮ ᠳ᠋ᠤ ᠶᠠᠪᠤᠭᠳᠠᠪᠠ᠃


微信图片_20230807095440.jpg


ᠲᠡᠬᠦᠰᠬᠦ ᠶᠤᠰᠤᠯᠠᠯ ᠤ᠋ᠨ ᠦᠳᠡᠰᠢᠯᠡᠬᠡ ᠨᠢ 《ᠮᠠᠭᠳᠠᠭᠠᠯ ᠳᠠᠭᠤᠤ》 ᠭᠡᠬᠥ ᠪᠥᠵᠢᠭ ᠵᠢᠡᠷ ᠡᠬᠢᠯᠡᠯᠳᠡ ᠵᠢᠨ ᠬᠦᠰᠢᠭᠡ ᠪᠠᠨ ᠰᠡᠬᠦᠵᠦ᠂ ᠱᠢᠨ᠎ᠡ ᠴᠠᠭ ᠦᠶ᠎ᠡ ᠶ᠋ᠢᠨ ᠵᠠᠯᠠᠭᠤᠴᠤᠳ ᠤ᠋ᠨ ᠰᠢᠨ᠎ᠠ ᠠᠶᠠᠨ ᠳ᠋ᠤ ᠡᠷᠡᠮᠡᠬᠡᠢᠯᠡᠨ ᠤᠷᠤᠭ᠍ᠰᠢᠯᠠᠵᠦ᠂ ᠦᠪᠡᠷ ᠢ᠋ ᠪᠠᠨ ᠬᠦᠴᠦᠷᠬᠡᠭᠵᠢᠬᠦᠯᠬᠦ ᠢᠳᠡᠭᠡᠯ ᠵᠣᠷᠢᠭ ᠪᠠ ᠬᠠᠷᠢᠭᠤᠴᠠᠯᠭ᠎ᠠ ᠡᠭᠦᠷᠭᠡᠯᠡᠯ ᠢ᠋ ᠢᠯᠡᠷᠡᠬᠦᠯᠪᠡ᠃ ᠵᠠᠯᠭᠠᠭᠠᠳ ᠶᠠᠪᠤᠭᠳᠠᠭᠰᠠᠨ 《ᠱᠠᠭ᠎ᠠ᠂ ᠱᠠᠭ᠎ᠠ》 ᠂ 《ᠬᠤᠨᠳᠠᠭᠠᠨ ᠪᠥᠵᠢᠭ》 ᠂ 《ᠲᠤᠷᠭᠤᠳ ᠬᠤᠷᠢᠮ》᠂ 《ᠬᠠᠲᠤᠨ ᠭᠤᠤᠯ ᠤ᠋ᠨ ᠦᠷᠡᠰ》᠂ 《ᠪᠢᠯᠢᠭᠳᠦ ᠬᠦᠷᠦᠭᠡᠰᠤᠨ ᠬᠠᠪᠳᠠᠭ᠎ᠠ》᠂ 《ᠭᠤᠷᠪᠠᠨ ᠬᠦᠯᠳᠤ ᠬᠦᠯᠢᠰ》᠂ 《ᠤᠢ ᠵᠢᠨ ᠰᠢᠪᠡᠨᠡᠯ》 ᠵᠡᠷᠭᠡ ᠰᠣᠩᠭᠣᠳᠠᠭ ᠪᠥᠵᠢᠭ ᠤ᠋ᠳ ᠨᠢ ᠦᠵᠡᠭ᠌ᠴᠢᠳ ᠲᠦ᠍ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯᠤᠨ ᠣᠲᠣ ᠦᠶ᠎ᠡ ᠶ᠋ᠢᠨ ᠪᠥᠵᠢᠭ ᠤ᠋ᠨ ᠤᠷᠠᠨ ᠠᠭᠤᠰᠤᠯᠴᠠᠭ᠎ᠠ᠂ ᠤᠳᠬ᠎ᠠ ᠬᠦᠨ ᠰᠠᠨᠠᠭ᠎ᠠ ᠠᠬᠤᠢ ᠵᠢ ᠬᠠᠷᠠᠭᠤᠯᠵᠦ᠂ 《ᠦᠨᠳᠦᠰᠦᠳᠡᠨ ᠨᠤᠬᠦᠳ ᠤ᠋ᠨ ᠤᠯᠠᠨ ᠲᠦᠮᠡᠨ ᠨᠠᠮ ᠵᠢᠡᠨ ᠬᠦᠷᠢᠶᠡᠯᠡᠨ᠎ᠡ》 ᠬᠡᠬᠦ ᠲᠤᠭᠯᠠᠯᠳᠠ᠎ᠪᠡᠷ ᠦᠳᠡᠰᠢᠯᠡᠬᠡ ᠵᠢᠷᠭᠠᠪᠠ᠃


微信图片_20230807095504.jpg


ᠰᠣᠶᠣᠯ ᠤ᠋ᠨ ᠢᠲᠡᠭᠡᠯ ᠵᠢᠡᠨ ᠪᠠᠲᠤᠳᠭᠠᠨ᠂ ᠴᠠᠭ ᠦᠶ᠎ᠡ ᠳ᠋ᠤ ᠣᠰᠣᠯᠳᠠᠬᠤ ᠦᠭᠡᠢ᠂ ᠠᠷᠠᠳ ᠲᠦᠮᠡᠨ ᠳ᠋ᠤ ᠣᠰᠣᠯᠳᠠᠬᠤ ᠦᠭᠡᠢ ᠨᠡᠩ ᠤᠯᠠᠨ ᠱᠢᠯᠢᠳᠡᠭ ᠪᠥᠵᠢᠭ ᠤ᠋ᠨ ᠪᠦᠲᠦᠭᠡᠯ ᠢ᠋ ᠴᠢᠷᠮᠠᠢᠨ ᠵᠣᠬᠢᠶᠠᠨ ᠪᠦᠲᠦᠭᠡᠵᠦ᠍᠂ ᠪᠥᠵᠢᠭ ᠤᠷᠠᠯᠢᠭ ᠤ᠋ᠨ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠤᠨ᠎ᠠ᠃ ᠲᠤᠰ ᠤᠳᠠᠭ᠎ᠠ ᠵᠢᠨ ᠰᠣᠩᠭᠣᠳᠠᠭ ᠪᠥᠵᠢᠭ ᠤ᠋ᠨ ᠲᠤᠰᠭᠠᠶ ᠲᠠᠯᠠᠪᠠᠢ ᠲᠤᠭᠯᠠᠯᠳᠠ ᠎ᠳᠤ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ᠂ ᠵᠸᠩᠵᠸᠦ᠍᠎ᠶ᠋ᠢᠨ ᠳᠠᠭᠤᠤ ᠪᠥᠵᠢᠭ ᠤ᠋ᠨ ᠤᠷᠠᠯᠢᠭ ᠤ᠋ᠨ ᠲᠥᠪ᠂ ᠦᠬᠠᠨ ᠤ᠋ ᠱᠢᠤᠳᠠᠨ ᠤ᠋ ᠤᠷᠠᠯᠢᠭ ᠤ᠋ᠨ ᠪᠦᠯᠬᠦᠮ ᠵᠢᠴᠢ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠤᠯᠠᠭᠠᠨᠮᠥ᠋ᠴᠢᠷ᠂ ᠡᠵᠡᠨ ᠬᠣᠷᠣᠭ᠎ᠠ ᠬᠣᠱᠢᠭᠤᠨ ᠤ᠋ ᠤᠯᠠᠭᠠᠨᠮᠥ᠋ᠴᠢᠷ᠂ ᠲᠦᠩᠯᠢᠶᠣᠤ ᠬᠣᠲᠠ ᠶ᠋ᠢᠨ ᠤᠯᠠᠭᠠᠨᠮᠥ᠋ᠴᠢᠷ᠂ ᠠᠯᠠᠱᠠ ᠵᠡᠭᠦᠨ ᠬᠣᠱᠢᠭᠤᠨ ᠤ᠋ ᠤᠯᠠᠭᠠᠨᠮᠥ᠋ᠴᠢᠷ ᠬᠠᠮᠲᠤᠷᠠᠨ ᠳᠠᠭᠤᠯᠠᠨ ᠪᠥᠵᠢᠭ᠌ᠯᠡᠵᠦ᠍᠂ ᠨᠢᠭᠡ ᠪᠦᠯᠦᠭ ᠱᠢᠯᠢᠳᠡᠭ ᠱᠠᠩᠨᠠᠯ ᠭᠥᠷᠳᠡᠭ᠌ᠰᠡᠨ ᠪᠥᠵᠢᠭ ᠤ᠋ᠨ ᠪᠦᠲᠦᠭᠡᠯ ᠢ᠋ ᠲᠤᠭᠯᠠᠵᠦ᠂ ᠣᠯᠠᠨ ᠲᠠᠶ ᠬᠠᠮᠲᠤ ᠦᠨᠳᠦᠰᠦᠲᠡᠨ ᠨᠤᠭᠦᠳ ᠤ᠋ᠨ ᠴᠡᠴᠡᠭ᠌ᠯᠡᠨ ᠬᠥᠭ᠌ᠵᠢᠭ᠌ᠰᠡᠨ ᠤᠷᠠᠯᠢᠭ ᠤ᠋ᠨ ᠦᠷ᠎ᠡ ᠪᠦᠲᠦᠭᠡᠯ ᠢ᠋ ᠬᠠᠮᠲᠤ ᠪᠠᠷ ᠡᠳ᠋ᠯᠡᠵᠡᠢ ᠃


微信图片_20230807095514.jpg


ᠬᠣᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠪᠣᠯ ᠴᠠᠭ ᠦᠶ᠎ᠡ ᠶ᠋ᠢᠨ ᠳᠦᠷᠰᠦ ᠪᠠᠢᠳᠠᠯ ᠢ᠋ ᠢᠯᠡᠷᠡᠭᠦᠯᠦᠭ᠌ᠰᠡᠨ ᠦᠪᠡᠳᠡᠭ᠌ᠰᠢ ᠴᠤᠭ᠍ᠯᠠᠭᠠᠨ ᠮᠥᠨ᠃ ᠨᠢᠭᠡ ᠰᠠᠷ᠎ᠠ ᠦᠷᠬᠦᠯᠵᠢᠯᠡᠭᠰᠡᠨ ᠤᠷᠠᠯᠢᠭ ᠤ᠋ᠨ ᠦᠪᠡᠳᠡᠭᠰᠢ ᠴᠤᠭᠯᠠᠭᠠᠨ ᠨᠢ ᠳᠠᠭᠤᠤ ᠬᠦᠭᠵᠢᠮ᠂ ᠪᠦᠵᠢᠭ᠂ ᠺᠢᠨᠣ᠋᠂ ᠳᠠᠭᠤᠤᠷᠢᠯᠢᠭ᠂ ᠵᠦᠴᠦᠭᠡ᠂ ᠼᠢᠷᠺ᠂ ᠪᠦᠵᠢᠭᠳᠦ ᠲᠢᠶᠠᠲᠷ᠂ ᠦᠵᠡᠰᠬᠦᠯᠡᠩ ᠲᠠᠯᠬᠡᠨ ᠦᠵᠡᠬᠦᠯᠭᠡ᠂ ᠤᠷᠤᠯᠳᠤᠭᠠᠨ ᠵᠡᠷᠭᠡ ᠤᠯᠠᠨ ᠬᠡᠯᠪᠡᠷᠢ ᠪᠡᠷ ᠤᠮᠠᠷᠠᠳᠦ ᠬᠢᠯᠢ ᠵᠢᠨ ᠰᠤᠶᠤᠯ ᠤᠷᠠᠯᠢᠭ ᠢ᠋ ᠪᠦᠬᠦ ᠤᠯᠤᠰ ᠤ᠋ᠨ ᠠᠷᠠᠳ ᠲᠦᠮᠡᠨ ᠳ᠋ᠤ ᠬᠦᠷᠳᠡᠭᠡᠨ᠂ 《ᠤᠮᠠᠷᠠᠲᠤ ᠬᠢᠯᠢ ᠶ᠋ᠢᠨ ᠰᠣᠶᠣᠯ》 ᠤ᠋ᠨ ᠲᠦᠷᠦᠯ ᠲᠡᠮᠳᠡᠭ ᠢ᠋ ᠲᠠᠭᠤᠷᠢᠰᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠥᠬᠥ᠌ ᠲᠠᠯ᠎ᠠ ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ ᠢ᠋ ᠴᠢᠷᠮᠠᠢᠨ ᠪᠡᠶᠡᠯᠡᠭᠦᠯᠬᠦ᠌ ᠳ᠋ᠤ ᠬᠥᠷ ᠬᠥᠭ᠌ᠵᠢᠶᠡᠨᠲᠡᠶ ᠰᠣᠶᠣᠯ ᠤ᠋ᠨ ᠠᠭᠤᠷ ᠠᠮᠢᠰᠭᠤᠯ ᠢ᠋ ᠪᠣᠶ ᠪᠣᠯᠭᠠᠨ᠂ ᠳᠡᠬᠦᠰ ᠠᠮᠵᠢᠯᠳᠠ ᠲᠠᠢ ᠦᠨᠳᠦᠷᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面