2023-07-27 09:41:19
7 ᠰᠠᠷ᠎ᠠ ᠶ᠋ᠢᠨ 26 ᠤ᠋ ᠤᠷᠤᠢ᠂ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨᠬᠢᠨ ᠤ᠋ ᠬᠣᠯᠪᠣᠭ᠎ᠠ ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ ᠤ᠋ᠨ ᠰᠢ ᠵᠦᠴᠦᠭᠡᠴᠢᠳ ᠤ᠋ᠨ ᠨᠡᠢᠭᠡᠮᠯᠢᠭ ᠪᠣᠯᠤᠨ ᠬᠥᠬᠡᠬᠣᠲᠠ ᠶ᠋ᠢᠨ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠳᠠᠭᠠᠭᠠᠴᠢᠯᠠᠨ ᠡᠷᠭᠢᠯᠡᠭ᠌ᠰᠡᠨ 《ᠰᠤᠳᠤ ᠤᠷᠠᠯᠢᠭ》 ᠲᠠᠰᠤᠯᠪᠤᠷᠢ ᠰᠢ ᠶ᠋ᠢᠨ ᠪᠦᠳᠦᠬᠡᠯ ᠤ᠋ᠨ ᠬᠠᠮ ᠲᠤᠭᠯᠠᠯᠲᠠ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠳᠠᠭᠤᠤ ᠬᠥᠭ᠌ᠵᠢᠮ ᠤ᠋ᠨ ᠲᠢᠩᠬᠢᠮ ᠳ᠋ᠤ ᠨᠢᠵᠢᠬᠢᠷ ᠰᠠᠢᠬᠠᠨ ᠶᠠᠪᠤᠭ᠍ᠳᠠᠪᠠ᠃

《ᠰᠤᠳᠤ ᠤᠷᠠᠯᠢᠭ》 ᠲᠠᠰᠤᠯᠪᠤᠷᠢ ᠰᠢ ᠶ᠋ᠢᠨ ᠪᠦᠳᠦᠬᠡᠯ ᠤ᠋ᠨ ᠬᠠᠮ ᠲᠤᠭᠯᠠᠯᠲᠠ ᠪᠤᠯ ᠬᠣᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ ᠤ᠋ᠨ ᠰᠢᠯᠢᠳᠡᠭ ᠵᠦᠴᠦᠭᠡ ᠶ᠋ᠢᠨ ᠲᠤᠭᠯᠠᠯᠳᠠ ᠵᠢᠨ ᠨᠢᠭᠡ ᠪᠠᠢᠵᠤ᠂ ᠭᠤᠤᠯᠳᠠᠭᠤ ᠥᠪᠥᠷ ᠮᠣᠩᠭᠣᠯ ᠤ᠋ᠨ ᠰᠢ ᠵᠦᠴᠦᠭᠡᠴᠢᠳ ᠤ᠋ᠨ ᠨᠡᠢᠭᠡᠮᠯᠢᠭ ᠤ᠋ᠨ ᠥᠷᠨᠢᠭᠦᠯᠦᠭ᠌ᠰᠡᠨ 《ᠣᠲᠣ ᠦᠶ᠎ᠡ ᠶ᠋ᠢᠨ ᠰᠢ ᠵᠦᠴᠦᠭᠡ ᠶ᠋ᠢᠨ ᠨᠠᠷᠠᠲᠤ ᠬᠥᠮᠦᠰ ᠱᠠᠪᠢ ᠡᠯᠰᠡᠵᠦ᠍ ᠤᠷᠠᠯᠢᠭ ᠤᠯᠠᠮᠵᠢᠯᠠᠬᠤ ᠢᠨᠵᠧᠨᠧᠷᠢᠩ — ᠤᠷᠠᠨ ᠰᠠᠢᠬᠠᠨ ᠤ᠋ ᠲᠣᠭ᠍ᠯᠠᠯᠲᠠ ᠶ᠋ᠢᠨ ᠵᠠᠯᠠᠭᠤ ᠴᠢᠳᠠᠪᠤᠷᠢᠲᠠᠨ ᠢ᠋ ᠬᠥᠮᠦᠵᠢᠭᠦᠯᠬᠦ᠌》 ᠲᠥᠷᠥᠯ ᠵᠦᠶ᠋ᠯ ᠤ᠋ᠨ ᠦᠷ᠎ᠡ ᠪᠦᠲᠦᠭᠡᠯ ᠢ᠋ ᠳᠡᠯᠭᠡᠨ ᠦᠵᠡᠭᠦᠯᠪᠡ᠃ ᠮᠠᠨ ᠤ᠋ ᠤᠷᠤᠨ ᠤ᠋ ᠵᠣᠬᠢᠬᠤ ᠲᠤᠷᠱᠢᠯᠭ᠎ᠠ ᠲᠠᠶ ᠱᠢᠯᠢᠳᠡᠭ ᠵᠠᠯᠠᠭᠤ ᠲᠣᠭ᠍ᠯᠠᠭ᠍ᠴᠢᠳ ᠨᠡᠷᠡᠲᠦ ᠤᠷᠠᠯᠢᠭ᠍ᠴᠢᠳ ᠲᠠᠶ ᠭᠠᠷ ᠬᠣᠯᠪᠣᠨ ᠬᠠᠮᠲᠤ ᠪᠠᠷ ᠲᠣᠭ᠍ᠯᠠᠵᠤ᠂ ᠤᠯᠠᠮᠵᠢᠯᠠᠯ ᠤ᠋ᠨ ᠤᠯᠠ ᠮᠦᠷ ᠢ᠋ ᠮᠥᠷᠳᠡᠨ᠂ ᠬᠠᠢᠨ ᠰᠦᠪᠡᠭ᠌ᠴᠢᠯᠡᠵᠦ᠍ ᠱᠢᠨ᠎ᠡ ᠵᠢ ᠡᠭᠦᠳᠦᠨ᠂ ᠪᠡᠭᠡᠵᠢᠩ ᠵᠦᠴᠦᠭᠡ᠂ ᠱᠠᠨ ᠰᠢ ᠵᠦᠴᠦᠭᠡ᠂ ᠡᠯ ᠷᠧᠨ ᠲᠡᠶ ᠵᠦᠴᠦᠭᠡ᠂ ᠮᠠᠩᠬᠠᠨ ᠵᠦᠴᠦᠭᠡ ᠪᠤᠯᠤᠨ ᠫᠢᠩᠵᠢᠦᠶ ᠵᠦᠴᠦᠭᠡ ᠵᠡᠷᠭᠡ 5 ᠵᠦᠴᠦᠭᠡ ᠶ᠋ᠢᠨ ᠲᠥᠷᠥᠯ ᠤ᠋ᠨ ᠭᠤᠢᠳᠠ ᠭᠠᠯᠪᠢᠷᠢ ᠦᠵᠡᠭᠴᠢ ᠤᠯᠠᠨ ᠳ᠋ᠤ ᠰᠤᠨᠢᠷᠬᠠᠭᠤᠯᠤᠭᠰᠠᠨ ᠪᠠᠢᠨ᠎ᠠ᠃

ᠬᠠᠮ ᠲᠣᠭ᠍ᠯᠠᠯᠲᠠ ᠳ᠋ᠦ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠪᠡᠭᠡᠵᠢᠩ ᠵᠦᠴᠦᠭᠡ ᠶ᠋ᠢᠨ ᠪᠦᠯᠬᠦᠮ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠡᠯ ᠷᠧᠨ ᠲᠡᠶ ᠤᠷᠠᠯᠢᠭ ᠤ᠋ᠨ ᠪᠦᠯᠬᠦᠮ᠂ ᠬᠥᠬᠡᠬᠣᠲᠠ ᠶ᠋ᠢᠨ ᠡᠯ ᠷᠧᠨ ᠲᠡᠶ ᠤᠷᠠᠯᠢᠭ ᠤ᠋ᠨ ᠰᠤᠳᠤᠯᠭᠠᠨ ᠤ᠋ ᠵᠦᠴᠦᠭᠡ ᠶ᠋ᠢᠨ ᠬᠦᠷᠢᠶᠡᠯᠡᠩ᠂ ᠬᠥᠬᠡᠬᠣᠲᠠ ᠶ᠋ᠢᠨ ᠱᠠᠨ ᠰᠢ ᠵᠦᠴᠦᠭᠡ ᠶ᠋ᠢᠨ ᠬᠦᠷᠢᠶᠡᠯᠡᠩ᠂ ᠪᠤᠭᠤᠲᠤ ᠶ᠋ᠢᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠮᠠᠩᠬᠠᠨ ᠵᠦᠴᠦᠭᠡ ᠶ᠋ᠢᠨ ᠪᠦᠯᠬᠦᠮ᠂ ᠨᠢᠩᠴᠧᠩ ᠱᠢᠶᠠᠨ ᠤ᠋ ᠤᠯᠠᠭᠠᠨᠮᠥ᠋ᠴᠢᠷ ᠤ᠋ᠨ ᠬᠢᠨ ᠬᠠᠮᠲᠤ ᠪᠠᠷ ᠡᠯ ᠷᠧᠨ ᠲᠡᠶ ᠵᠦᠴᠦᠭᠡ 《ᠪᠠᠶᠠᠷ ᠳᠡᠭᠡᠷ᠎ᠡ ᠪᠠᠶᠠᠷ》᠂ ᠪᠡᠭᠡᠵᠢᠩ ᠵᠦᠴᠦᠭᠡ 《ᠲᠠᠪᠤᠨ ᠮᠦᠰᠤ ᠪᠡᠷ ᠬᠡᠤᠬᠡᠳ ᠶ᠋ᠢᠡᠨ ᠰᠤᠷᠭᠠᠭ᠍ᠰᠠᠨ ᠨᠢ》᠂ ᠮᠠᠩᠬᠠᠨ ᠵᠦᠴᠦᠭᠡ 《ᠬᠢᠳᠠᠨ ᠬᠡᠤᠬᠡᠨ》᠂ ᠫᠢᠩᠵᠢᠦᠶ ᠵᠦᠴᠦᠭᠡ 《 ᠯᠤᠡᠭᠬᠤ ᠰᠠᠪᠠᠵᠤ ᠨᠦᠬᠦᠷ ᠶ᠋ᠢᠡᠨ ᠠᠪᠤᠷᠠᠭᠰᠠᠨ ᠨᠢ》᠂ ᠱᠠᠨ ᠰᠢ ᠵᠦᠴᠦᠭᠡ 《ᠵᠢᠷᠦᠮᠲᠦ ᠰᠠᠢᠳ ᠰᠢᠦᠢ ᠼᠸ ᠦᠨᠡᠨ ᠴᠠᠭᠠᠨ ᠢ᠋ ᠢᠯᠭᠠᠭᠰᠠᠨ ᠨᠢ 》 ᠵᠡᠷᠭᠡ ᠰᠤᠡᠭᠭᠤᠳᠠᠭ ᠪᠦᠲᠦᠭᠡᠯ ᠢ᠋ ᠲᠤᠭᠯᠠᠵᠤ ᠦᠵᠡᠭᠦᠯᠪᠡ᠃ ᠬᠠᠮ ᠲᠤᠭᠯᠠᠯᠲᠠ ᠶ᠋ᠢᠨ ᠠᠮᠵᠢᠯᠲᠠ ᠲᠠᠶ ᠶᠠᠪᠤᠭ᠍ᠳᠠᠭ᠍ᠰᠠᠨ ᠨᠢ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠬᠥᠭ᠌ᠵᠢᠭᠦᠯᠬᠦ᠌᠂ 《ᠤᠮᠠᠷᠠᠲᠤ ᠬᠢᠯᠢ ᠶ᠋ᠢᠨ ᠰᠣᠶᠣᠯ》 ᠤ᠋ᠨ ᠲᠥᠷᠥᠯ ᠲᠡᠮᠳᠡᠭ ᠢ᠋ ᠴᠣᠭ᠍ᠴᠠᠯᠠᠬᠤ ᠳ᠋ᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠵᠤ ᠂ ᠪᠦᠬᠦ᠌ ᠣᠷᠣᠨ ᠤ᠋ ᠦᠨᠳᠦᠰᠦᠲᠡᠨ ᠨᠤᠭᠦᠳ ᠤ᠋ᠨ ᠺᠠᠳ᠋ᠷ ᠣᠯᠠᠨ ᠲᠦᠮᠡᠨ ᠤ᠋ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ᠌ ᠲᠠᠯ᠎ᠠ ᠪᠠᠷ ᠪᠦᠲᠦᠭᠡᠨ ᠪᠠᠢᠭᠤᠯᠬᠤ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ ᠳ᠋ᠤ ᠭᠦᠨ ᠵᠤᠵᠠᠭᠠᠨ ᠪᠠᠶᠠᠷ ᠬᠥᠷ ᠲᠡᠶ ᠰᠣᠶᠣᠯ ᠤ᠋ᠨ ᠠᠭᠤᠷ ᠠᠮᠢᠰᠭᠤᠯ ᠢ᠋ ᠪᠣᠶ ᠪᠤᠯᠭᠠᠭᠰᠠᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃