ᠰᠣᠶᠣᠯ ᠤᠷᠠᠯᠢᠭ > ᠬᠣᠷᠢᠳᠤᠭᠠᠷ ᠬᠤᠭᠤᠴᠠᠭᠠᠨ᠎ᠤ᠋ ᠲᠠᠯ᠎ᠠ ᠨᠤᠲᠤᠭ᠎ᠤ᠋ᠨ ᠰᠣᠶᠣᠯ᠎ᠤ᠋ᠨ ᠨᠠᠢᠷ

2023-07-30 16:05:58

ᠵᠣᠬᠢᠶᠠᠭ᠍ᠴᠢ᠄ ᠼᠠᠢ ᠬᠤᠡᠭ ᠴᠤᠪᠤᠭᠤ ᠣᠩᠱᠢᠭ᠍ᠰᠠᠨ ᠣᠳᠠᠭ᠎ᠠ᠄ 3

ᠬᠦᠰᠡᠯ ᠵᠡᠬᠦᠳᠤ ᠵᠢᠨ ᠵᠦᠩᠨᠡᠯ ᠵᠢᠡᠨ ᠲᠡᠪᠰᠢᠬᠦᠯᠵᠤ ᠂ ᠦᠵᠡᠰᠬᠦᠯᠡᠩᠳᠤ ᠰᠠᠢᠬᠠᠨ ᠦᠪᠤᠷ ᠮᠤᠩᠭᠤᠯ ᠵᠢᠡᠨ ᠮᠠᠭᠳᠠᠨ ᠲᠠᠭᠤᠯᠠᠨ᠎ᠠ ᠃ 7 ᠰᠠᠷ᠎ᠠ ᠶ᠋ᠢᠨ 28 ᠤ᠋ ᠤᠷᠤᠢ ᠂ ᠦᠪᠦᠷ ᠮᠤᠡᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠡᠭ ᠤ᠋ᠨ ᠦᠨᠳᠦᠰᠦᠲᠡᠨ ᠤ᠋ ᠳᠠᠭᠤᠤᠷᠢᠯᠢᠭ ᠤ᠋ᠨ ᠪᠦᠯᠬᠦᠮ ᠤ᠋ᠨ ᠬᠢᠨ ᠦᠪᠦᠷ ᠮᠤᠡᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠡᠭ ᠤ᠋ᠨ ᠳᠠᠭᠤᠤ ᠬᠦᠭᠵᠢᠮ ᠤ᠋ᠨ ᠲᠢᠡᠭᠬᠢᠮ ᠳ᠋ᠤ 《ᠮᠦᠡᠭᠭᠡ ᠶ᠋ᠢᠨ ᠴᠤᠤᠷᠢᠶᠠᠲᠤ ᠬᠤᠭᠤᠷ ᠤ᠋ᠨ ᠡᠭᠡᠰᠢᠭ》ᠦᠨᠳᠦᠰᠦᠲᠡᠨ ᠤ᠋ ᠳᠠᠭᠤᠤᠷᠢᠯᠢᠭ ᠤ᠋ᠨ ᠲᠤᠰᠬᠠᠢ ᠲᠠᠯᠠᠪᠠᠢ ᠲᠤᠭᠯᠠᠯᠲᠠ ᠭᠠᠷᠭᠠᠵᠤ ᠂ ᠦᠵᠡᠭᠴᠢ ᠤᠯᠠᠨ ᠵᠢᠡᠨ ᠪᠠᠶᠠᠰᠬᠠᠯ᠎ᠠ ᠃

《ᠮᠦᠡᠭᠭᠡ ᠶ᠋ᠢᠨ ᠴᠤᠤᠷᠢᠶᠠᠲᠤ ᠬᠤᠭᠤᠷ ᠤ᠋ᠨ ᠡᠭᠡᠰᠢᠭ》 ᠲᠤᠰᠬᠠᠢ ᠲᠠᠯᠠᠪᠠᠢ ᠲᠤᠭᠯᠠᠯᠲᠠ ᠪᠤᠯ ᠬᠤᠷᠢᠳᠤᠭᠠᠷ ᠬᠤᠭᠤᠴᠠᠭᠠᠨ ᠤ᠋ ᠳᠤᠮᠳᠠᠳᠤ ᠤᠯᠤᠰ·ᠦᠪᠦᠷ ᠮᠤᠡᠭᠭᠤᠯ ᠤ᠋ᠨ ᠲᠠᠯ᠎ᠠ ᠨᠤᠲᠤᠭ ᠤ᠋ᠨ ᠰᠤᠶᠤᠯ ᠤ᠋ᠨ ᠨᠠᠢᠷ ᠤ᠋ᠨ ᠰᠢᠯᠢᠳᠡᠭ ᠲᠤᠭᠯᠠᠯᠲᠠ ᠶ᠋ᠢᠨ ᠨᠢᠭᠡ ᠪᠤᠯᠤᠨ᠎ᠠ ᠃ ᠲᠤᠭᠯᠠᠯᠲᠠ ᠨᠢ ᠣᠯᠠᠨ ᠲᠦᠮᠡᠨ ᠤ᠋ ᠦᠵᠡᠵᠦ᠍ ᠰᠣᠨᠢᠷᠬᠠᠬᠤ ᠳᠤᠷᠠᠲᠠᠶ ᠮᠣᠩᠭᠣᠯ ᠦᠨᠳᠦᠰᠦᠲᠡᠨ ᠤ᠋ ᠤᠯᠠᠮᠵᠢᠯᠠᠯᠲᠤ ᠳᠠᠭᠤᠤᠷᠢᠯᠢᠭ ᠤ᠋ᠨ ᠦᠯᠢᠭᠡᠷ ᠂ ᠬᠣᠯᠪᠣᠭ᠎ᠠ ᠂ ᠵᠠᠡᠭᠭᠠᠷ ᠤ᠋ᠨ ᠲᠤᠤᠯᠢ ᠂ ᠢᠷᠥᠭᠡᠯ ᠮᠠᠭ᠍ᠲᠠᠭᠠᠯ ᠵᠡᠷᠭᠡ ᠪᠡᠷ ᠲᠠᠮᠵᠢᠨ ᠢᠷᠠᠭᠤ ᠰᠠᠢᠬᠠᠨ ᠦᠭᠡ ᠬᠡᠯᠡ ᠂ ᠵᠢᠪᠬᠤᠭ᠎ᠠ ᠲᠡᠭᠦᠯᠳᠡᠷ ᠠᠢᠵᠠᠮ ᠴᠤᠬᠢᠯᠭ᠎ᠠ ᠪᠠᠷ 《ᠬᠤᠪᠢᠰᠭᠠᠯ ᠤ᠋ᠨ ᠲᠡᠦᠬᠡ》 ᠂ 《ᠪᠠᠭᠠᠲᠤᠷᠯᠢᠭ ᠲᠤᠤᠯᠢ》᠂ 《ᠬᠥᠳᠡᠭᠡ ᠲᠣᠰᠭᠣᠨ ᠤ᠋ ᠬᠥᠭ᠌ᠵᠢᠯ ᠮᠠᠨᠳᠤᠯ》᠂ 《ᠨᠢᠭᠡ ᠪᠦᠰᠡ ᠨᠢᠭᠡ ᠵᠠᠮ》᠂ 《ᠦᠨᠳᠦᠰᠦᠲᠡᠨ ᠤ᠋ ᠪᠦᠯᠬᠦᠮᠳᠡᠯ》 ᠂ 《ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ》 ᠵᠡᠷᠭᠡ ᠪᠠᠶᠠᠯᠢᠭ ᠠᠭᠤᠯᠭ᠎ᠠ ᠪᠦᠬᠦᠢ ᠱᠢᠨ᠎ᠡ ᠴᠠᠭ ᠦᠶ᠎ᠡ ᠶ᠋ᠢᠨ ᠭᠣᠣᠯ ᠰᠡᠳᠦᠪ ᠢ᠋ ᠬᠦᠤᠷᠨᠢᠵᠦ ᠂ ᠤᠳᠬ᠎ᠠ ᠲᠡᠭᠦᠯᠳᠡᠷ ᠤᠷᠠᠨ ᠲᠤᠭᠯᠠᠯᠲᠠ ᠵᠢ ᠦᠵᠡᠭᠴᠢ ᠤᠯᠠᠨ ᠳ᠋ᠠᠭᠠᠨ ᠲᠡᠪᠰᠢᠬᠦᠯᠪᠡ ᠃ ᠡᠭᠦᠨ ᠳ᠋ᠤ ᠬᠡᠰᠡᠭ ᠲᠣᠭ᠍ᠯᠠᠯᠲᠠ ᠳ᠋ᠠᠭᠠᠨ ᠱᠠᠨᠳᠦ᠋ᠩ ᠤ᠋ᠨ ᠴᠠᠷᠭᠢᠯ ᠬᠣᠯᠪᠣᠭ᠎ᠠ ᠪᠤᠯᠤᠨ ᠮᠣᠩᠭᠣᠯ ᠦᠨᠳᠦᠰᠦᠲᠡᠨ ᠤ᠋ ᠤᠯᠠᠮᠵᠢᠯᠠᠯᠲᠤ ᠳᠠᠭᠤᠤᠷᠢᠯᠢᠭ ᠢ᠋ ᠠᠮᠢᠳᠤᠯᠢᠭ ᠵᠢᠡᠷ ᠤᠶᠠᠯᠳᠤᠭᠤᠯᠵᠤ ᠂ ᠦᠵᠡᠭᠴᠢᠳ ᠲᠦ᠍ ᠤᠯᠠᠮᠵᠢᠯᠠᠯᠲᠤ ᠦᠨᠳᠦᠰᠦᠲᠡᠨ ᠤ᠋ ᠰᠣᠶᠣᠯ ᠤ᠋ᠨ ᠣᠯᠠᠨ ᠶᠠᠡᠭᠵᠤᠲᠤ ᠠᠭᠤᠰᠤᠯᠴᠠᠯ ᠤ᠋ᠨ ᠤᠷᠠᠯᠢᠭ ᠢ᠋ ᠰᠤᠨᠢᠷᠬᠠᠭᠤᠯᠤᠭᠰᠠᠨ ᠪᠠᠢᠨ᠎ᠠ ᠃

《 ᠪᠢᠳᠡ ᠲᠤᠰ ᠤᠳᠠᠭ᠎ᠠ ᠵᠢᠨ ᠲᠤᠭᠯᠠᠯᠲᠠ ᠳ᠋ᠤ ᠤᠯᠠᠮᠵᠢᠯᠠᠯᠲᠤ ᠳᠠᠭᠤᠤᠷᠢᠯᠢᠭ ᠲᠠᠭᠠᠨ ᠤᠷᠲᠤ ᠶ᠋ᠢᠨ ᠳᠠᠭᠤᠤ ᠂ ᠪᠦᠵᠢᠭ ᠂ ᠬᠦᠭᠵᠢᠮ ᠵᠡᠷᠭᠡ ᠡᠯᠸᠮᠸᠨ᠋ᠲ ᠎ᠢ ᠠᠭᠤᠰᠬᠠᠨ ᠤᠷᠤᠭᠤᠯᠵᠤ ᠂ ᠵᠠᠯᠠᠭᠤ ᠲᠤᠭᠯᠠᠭᠴᠢᠳ ᠤ᠋ᠨ ᠶ᠋ᠢᠡᠨ ᠨᠢᠭᠡ ᠳ᠋ᠤ ᠮᠡᠷᠭᠡᠰᠢᠵᠦ ᠤᠯᠠᠨ ᠳ᠋ᠤ ᠴᠠᠭᠠᠷᠠᠭᠰᠠᠨ ᠠᠪᠢᠶᠠᠰ ᠴᠢᠳᠠᠪᠤᠷᠢ ᠵᠢ ᠪᠠᠳᠠᠷᠠᠭᠤᠯᠤᠨ ᠂ ᠠᠭᠤᠤ ᠤᠯᠤᠰ ᠂ ᠠᠴᠢᠳᠤ ᠨᠠᠮ ᠪᠤᠯᠤᠨ ᠦᠵᠡᠰᠭᠦᠯᠡᠡᠭᠲᠦ ᠰᠠᠢᠬᠠᠨ ᠦᠪᠦᠷ ᠮᠤᠡᠭᠭᠤᠯ ᠤ᠋ᠨ ᠶ᠋ᠢᠡᠨ ᠰᠢᠨ᠎ᠡ ᠳᠦᠷᠰᠦ ᠪᠠᠢᠳᠠᠯ ᠢ᠋ ᠮᠠᠭᠲᠠᠨ ᠳᠠᠭᠤᠯᠠᠬᠤ ᠶ᠋ᠢᠨ ᠬᠠᠮᠲᠤ ᠂ ᠰᠢᠨ᠎ᠡ ᠴᠠᠭ ᠦᠶ᠎ᠡ ᠶ᠋ᠢᠨ ᠦᠵᠡᠭᠴᠢᠳ ᠤ᠋ᠨ ᠰᠢᠨ᠎ᠡ ᠬᠦᠰᠡᠯ ᠱᠠᠭᠠᠷᠳᠠᠯᠭ᠎ᠠ ᠵᠢᠴᠢ ᠭᠤᠸ᠎ᠠ ᠰᠠᠢᠬᠠᠨ ᠤ᠋ ᠲᠠᠭᠠᠰᠢᠶᠠᠯ ᠳ᠋ᠤ ᠬᠦᠷᠬᠦ ᠵᠢ ᠵᠤᠷᠢᠭᠰᠠᠨ ᠶᠤᠮ》 ᠭᠡᠵᠦ ᠦᠪᠦᠷ ᠮᠤᠡᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠡᠭ ᠤ᠋ᠨ ᠦᠨᠳᠦᠰᠦᠲᠡᠨ ᠤ᠋ ᠳᠠᠭᠤᠤᠷᠢᠯᠢᠭ ᠤ᠋ᠨ ᠪᠦᠯᠬᠦᠮ ᠤ᠋ᠨ ᠳᠠᠷᠤᠭ᠎ᠠ ᠲᠤᠶᠠᠭ᠎ᠠ ᠶᠠᠷᠢᠵᠤ ᠪᠠᠢᠯ᠎ᠠ ᠃

《ᠡᠨᠡ ᠤᠷᠤᠢ ᠶ᠋ᠢᠨ ᠲᠤᠭᠯᠠᠯᠲᠠ ᠳ᠋ᠤ ᠠᠬᠠᠮᠠᠳ ᠢᠳᠡᠷ ᠵᠠᠯᠠᠭᠤ ᠭᠤᠷᠪᠠᠨ ᠦᠶ᠎ᠡ ᠶ᠋ᠢᠨ ᠤᠷᠠᠯᠢᠭᠴᠢᠳ ᠨᠢᠭᠡ ᠲᠠᠢᠰᠠᠨ᠎ᠠ ᠴᠤᠭᠯᠠᠷᠠᠵᠤ ᠂ ᠤᠯᠠᠮᠵᠢᠯᠠᠯᠲᠤ ᠳᠠᠭᠤᠤᠷᠢᠯᠢᠭ ᠶ᠋ᠢᠡᠨ ᠰᠢᠨ᠎ᠡ ᠡᠭᠦᠳᠦᠯᠲᠡ ᠲᠠᠢ ᠪᠡᠷ ᠦᠵᠡᠭᠴᠢ ᠲᠦᠮᠡᠨ ᠳ᠋ᠡᠭᠡᠨ ᠬᠦᠷᠭᠡᠭᠰᠡᠨ ᠨᠢ ᠮᠠᠰᠢ ᠤᠳᠬ᠎ᠠ ᠠᠭᠤᠯᠭ᠎ᠠ ᠲᠠᠢ ᠶᠠᠪᠤᠳᠠᠯ ᠪᠠᠢᠵᠤ ᠂ ᠤᠯᠠᠮᠵᠢᠯᠠᠯᠲᠤ ᠤᠷᠠᠯᠢᠭ ᠶ᠋ᠢᠡᠨ ᠦᠪᠯᠡᠨ ᠤᠯᠠᠮᠵᠢᠯᠠᠬᠤ ᠶ᠋ᠢᠨ ᠪᠠᠰᠠ ᠨᠢᠭᠡᠨ ᠠᠵᠠ ᠵᠠᠪᠰᠢᠶᠠᠨ ᠪᠤᠯᠤᠭᠰᠠᠨ ᠪᠠᠢᠨ᠎ᠠ 》 ᠭᠡᠵᠦ ᠤᠯᠤᠰ ᠤ᠋ᠨ ᠨᠢᠭᠡᠳᠦᠭᠡᠷ ᠳᠡᠰ ᠤ᠋ᠨ ᠲᠤᠭᠯᠠᠭᠴᠢ ᠂ ᠦᠪᠡᠷᠲᠡᠭᠡᠨ ᠵᠠᠰᠠᠬᠤ ᠤᠷᠤᠨ ᠤ᠋ ᠳᠡᠰ ᠤ᠋ᠨ ᠬᠤᠯᠪᠤᠭ᠎ᠠ ᠤᠷᠠᠯᠢᠭ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠤᠯᠠᠮᠵᠢᠯᠠᠭᠴᠢ ᠤᠶᠤᠨᠰᠠᠡᠭ ᠬᠡᠯᠡᠨ᠎ᠡ ᠃ ᠲᠤᠰ ᠲᠠᠯᠠᠪᠠᠢ ᠲᠤᠭᠯᠠᠯᠲᠠ ᠨᠢ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠣᠯᠤᠨ ᠨᠡᠢᠭᠡᠮ ᠵᠢᠷᠤᠮ ᠤ᠋ᠨ ᠭᠤᠤᠯᠯᠠᠭ᠍ᠴᠢ ᠥᠷᠲᠡᠭ ᠤ᠋ᠨ ᠦᠵᠡᠯᠲᠡ ᠵᠢ ᠰᠤᠷᠤᠯᠴᠠᠨ ᠲᠤᠭᠤᠰᠢᠯᠠᠭᠤᠯᠬᠤ ᠪᠠᠷ ᠤᠳᠤᠷᠢᠳᠤᠮᠵᠢ ᠪᠤᠯᠭᠠᠨ ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠠᠩᠬᠠᠷᠤᠯ ᠶ᠋ᠢᠡᠨ ᠲᠦᠪᠯᠡᠷᠡᠭᠦᠯᠵᠦ ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠤ᠋ᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠱᠢᠨ᠎ᠡ ᠵᠢ ᠡᠭᠦᠳᠬᠦ᠌ ᠴᠢᠨᠠᠷᠲᠠᠢ ᠬᠥᠭ᠌ᠵᠢᠯᠲᠡ ᠵᠢ ᠠᠬᠢᠭᠤᠯᠤᠭᠰᠠᠠ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面