ᠰᠣᠶᠣᠯ ᠤᠷᠠᠯᠢᠭ > ᠠᠷᠪᠠᠳᠤᠭᠠᠷ ᠬᠤᠭᠤᠴᠠᠭᠠᠨ᠎ᠤ᠋ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤ᠋ᠨ ᠴᠤᠭᠯᠠᠭᠠᠨ

2023-07-13 10:17:56

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

7 ᠰᠠᠷ᠎ᠠ᠎ᠶ᠋ᠢᠨ 12᠎ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠡᠪᠡᠭ᠎ᠦᠨ ᠲᠥᠷᠥᠯ ᠵᠦᠶ᠋ᠯ᠎ᠦᠨ ᠤᠷᠤᠯᠳᠤᠭᠠᠨ ᠲᠡᠬᠦᠰ ᠠᠮᠵᠢᠯᠳᠠ ᠳᠠᠢ ᠦᠨᠳᠦᠷᠯᠡᠪᠡ᠃


微信图片_20230713093609.jpg


ᠤᠢᠯᠠᠭᠠᠭᠰᠠᠨ᠎ᠶ᠋ᠢᠡᠷ᠂ ᠪᠥᠬᠥ᠌ ᠣᠷᠣᠨ᠎ᠤ 8 ᠠᠢᠮᠠᠭ ᠬᠣᠲᠠ᠎ᠵᠢᠨ 80 ᠭᠠᠷᠤᠶ ᠲᠠᠮᠢᠷᠴᠢᠨ ᠤᠷᠤᠯᠳᠤᠭᠠᠨ᠎ᠳᠦ ᠤᠷᠤᠯᠴᠠᠵᠦ᠂ ᠬᠤᠷᠴᠠ ᠰᠢᠷᠦᠭᠦᠨ ᠦᠷᠢᠰᠦᠯᠳᠦᠭᠡᠨ᠎ᠶ᠋ᠢᠡᠷ ᠳᠠᠮᠵᠢᠨ᠂ ᠡᠷᠡᠭᠲᠠᠢ ᠡᠮᠡᠭᠲᠠᠢ ᠵᠢᠨ ᠲᠤᠭᠤᠢᠯᠠᠨᠭ᠌᠎ᠤᠨ ᠤᠷᠤᠯᠳᠤᠭᠠᠨ᠎ᠳᠦ ᠬᠦᠯᠦᠨ ᠪᠤᠢᠷ᠎ᠤᠨ ᠲᠦᠯᠦᠭᠡᠯᠡᠭᠴᠢᠳ᠎ᠤᠨ ᠠᠩᠭᠢ ᠲᠡᠷᠢᠭᠦᠯᠡᠵᠦ᠂ ᠤᠷᠳᠤᠰ ᠬᠤᠲᠠ ᠵᠢᠨ ᠲᠦᠯᠦᠭᠡᠯᠡᠭᠴᠢᠳ᠎ᠤᠨ ᠠᠩᠭᠢ ᠲᠡᠳ᠋ᠯᠡᠵᠦ᠂ ᠤᠯᠠᠭᠠᠨᠬᠠᠲᠠ᠎ᠶᠢᠨ ᠲᠦᠯᠦᠭᠡᠯᠡᠭᠴᠢᠳ᠎ᠤᠨ ᠠᠩᠭᠢ ᠭᠤᠷᠪᠠᠳᠤᠭᠠᠷ᠎ᠲᠤ ᠤᠷᠤᠵᠠᠢ᠃


微信图片_20230713093557.jpg


ᠲᠡᠪᠡᠭ ᠪᠤᠯ ᠪᠡᠶ᠎ᠡ ᠴᠢᠬᠢᠷᠠᠭᠵᠢᠭᠤᠯᠬᠤ ᠲᠦᠭᠦᠮ ᠬᠢᠯᠪᠡᠷ ᠲᠠᠮᠢᠷ᠎ᠤᠨ ᠬᠦᠳᠡᠯᠭᠡᠭᠡᠨ ᠪᠤᠯᠤᠨ᠎ᠠ᠃ ᠲᠡᠤᠭᠡᠨ ᠰᠤᠷᠪᠤᠯᠵᠢ᠎ᠳᠦ ᠲᠡᠮᠳᠡᠭᠯᠡᠭᠰᠡᠨ᠎ᠢ ᠦᠨᠳᠦᠰᠦᠯᠡᠪᠡᠯ᠂ ᠲᠡᠪᠡᠭ ᠬᠠᠨ ᠤᠯᠤᠰ᠎ᠤᠨ ᠦᠶ᠎ᠡ᠎ᠳᠦ ᠡᠭᠦᠰᠴᠦ᠂ ᠵᠢᠷᠭᠤᠭᠠᠨ ᠲᠦᠷᠦ᠂ ᠰᠦᠶ ᠤᠯᠤᠰ᠂ ᠲᠠᠨᠭ᠌ ᠤᠯᠤᠰ᠎ᠤᠨ ᠦᠶ᠎ᠡ᠎ᠳᠦ ᠳᠡᠯᠭᠡᠷᠡᠨ ᠭᠦᠭᠵᠢᠭᠰᠡᠨ ᠪᠠᠢᠨ᠎ᠠ᠃ ᠠᠨᠭᠬᠠᠳᠤᠭᠠᠷ ᠤᠳᠠᠭᠠᠨ᠎ᠤ ᠲᠡᠪᠡᠭ᠎ᠤᠨ ᠤᠷᠤᠯᠳᠤᠭᠠᠨ᠎ᠢ ᠭᠤᠸᠠᠨᠭᠵᠸᠤ ᠬᠤᠲᠠ᠎ᠶᠢᠨ ᠪᠡᠶ᠎ᠡ᠎ᠶᠢᠨ ᠲᠠᠮᠢᠷ᠎ᠤᠨ ᠵᠦᠪᠯᠡᠯ ᠡᠴᠡ ᠡᠷᠬᠢᠯᠡᠭᠰᠡᠨ ᠪᠦᠭᠡᠳ ᠲᠦᠭᠦᠮ ᠲᠦᠷᠢᠮ᠎ᠢ ᠲᠤᠭᠲᠠᠭᠠᠭᠰᠠᠨ ᠪᠠᠢᠳᠠᠭ᠃ 1984 ᠤᠨ᠎ᠳᠦ ᠲᠤᠭᠲᠠᠭᠠᠭᠰᠠᠨ 《ᠲᠡᠪᠡᠭ᠎ᠤᠨ ᠤᠷᠤᠯᠳᠤᠭᠠᠨ᠎ᠤ ᠲᠦᠷᠢᠮ》 ᠳ᠋ᠸ᠋ ᠲᠡᠪᠡᠭ ᠢᠰᠭᠦᠯᠬᠦ ᠤᠨᠴᠠᠯᠢᠭ ᠪᠠ ᠬᠡᠳᠦᠨ ᠵᠦᠢᠯ᠎ᠤᠨ ᠪᠦᠮᠪᠦᠭᠡᠨ ᠤᠷᠤᠯᠳᠤᠭᠠᠨ᠎ᠤ ᠲᠦᠷᠢᠮ᠎ᠢ ᠤᠶᠠᠯᠳᠤᠭᠤᠯᠤᠭᠰᠠᠨ ᠪᠠᠢᠳᠠᠭ᠃


微信图片_20230713093603.jpg


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面