ᠰᠣᠶᠣᠯ ᠤᠷᠠᠯᠢᠭ > ᠠᠷᠪᠠᠳᠤᠭᠠᠷ ᠬᠤᠭᠤᠴᠠᠭᠠᠨ᠎ᠤ᠋ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤ᠋ᠨ ᠴᠤᠭᠯᠠᠭᠠᠨ

2023-07-12 16:51:09

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

7 ᠰᠠᠷ᠎ᠠ᠎ᠶᠢᠨ 10᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ ᠶ᠋ᠢᠨ ᠲᠠᠮᠢᠷ᠎ᠤᠨ ᠴᠤᠭᠯᠠᠭᠠᠨ᠎ᠤ ᠵᠡᠪᠰᠡᠭ᠎ᠤᠨ ᠡᠷᠳᠡᠮ᠎ᠤᠨ ᠤᠷᠤᠯᠳᠤᠭᠠᠨ ᠤᠯᠠᠭᠠᠨᠴᠠᠪ ᠬᠤᠲᠠ᠎ᠶᠢᠨ ᠮᠤᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠤᠷᠳᠤᠨ᠎ᠳᠦ ᠡᠬᠢᠯᠡᠪᠡ᠃

ᠤᠢᠯᠠᠭᠠᠭ᠍ᠰᠠᠨ᠎ᠶ᠋ᠢᠡᠷ᠂ ᠡᠯ᠎ᠡ ᠠᠢᠮᠠᠭ ᠬᠤᠲᠠ᠎ᠶᠢᠨ 11 ᠲᠥᠯᠥᠭᠡᠯᠡᠭ᠌ᠴᠢᠳ᠎ᠤᠨ ᠠᠩᠭᠢ᠎ᠶᠢᠨ 58 ᠲᠠᠮᠢᠷᠴᠢᠨ ᠤᠷᠤᠯᠴᠠᠵᠤ᠂ ᠡᠷᠡᠭ᠌ᠲᠡᠢ᠎ᠶᠢᠨ ᠤᠷᠤᠯᠳᠤᠭᠠᠨ᠎ᠤ ᠳᠤᠭᠤᠢᠯᠠᠩ᠎ᠳᠦ 31ᠲᠠᠮᠢᠷᠴᠢᠨ᠂ ᠡᠮᠡᠭ᠌ᠲᠡᠢ᠎ᠶᠢᠨ ᠤᠷᠤᠯᠳᠤᠭᠠᠨ᠎ᠤ ᠲᠤᠭᠤᠢᠯᠠᠩ᠎ᠳᠦ 27 ᠲᠠᠮᠢᠷᠴᠢᠨ ᠪᠤᠢ᠂ ᠡᠭᠦᠨ᠎ᠳᠦ ᠨᠠᠰᠤ ᠪᠠᠷ ᠬᠠᠮᠤᠭ᠎ᠤᠨ ᠪᠠᠭ᠎ᠠ ᠨᠢ 10 ᠨᠠᠰᠤᠲᠠᠶ᠂ ᠨᠠᠰᠤ ᠪᠠᠷ ᠬᠠᠮᠤᠭ᠎ᠤᠨ ᠠᠬᠠᠮᠠᠳ ᠨᠢ 64 ᠨᠠᠰᠤᠲᠠᠶ᠃ ᠵᠡᠪᠰᠡᠭ᠎ᠤᠨ ᠡᠷᠳᠡᠮ ᠪᠤᠯ ᠳᠤᠮᠳᠠᠳᠤ᠎ᠶᠢᠨ ᠦᠨᠳᠦᠰᠦᠲᠡᠨ᠎ᠤ ᠡᠷᠬᠢᠮ ᠨᠠᠨᠳᠢᠨ ᠰᠤᠶᠤᠯ᠎ᠤᠨ ᠥᠪ᠎ᠮᠦᠨ᠃ ᠢᠰᠭᠦᠯᠬᠦ᠂ ᠴᠤᠬᠢᠬᠤ᠂ ᠰᠠᠪᠠᠬᠤ᠂ ᠲᠠᠲᠠᠬᠤ᠂ ᠳᠠᠭᠠᠷᠢᠬᠤ᠂ ᠴᠢᠴᠢᠬᠦ᠌ ᠵᠡᠷᠭᠡ ᠬᠥᠳᠡᠯᠭᠡᠭᠡᠨ᠎ᠢ ᠪᠠᠭ᠍ᠲᠠᠭᠠᠵᠤ᠂ ᠲᠤᠭ᠍ᠲᠠᠭ᠍ᠰᠠᠨ ᠬᠥᠳᠡᠯᠭᠡᠭᠡᠨ ᠪᠠ ᠬᠠᠷᠢᠯᠴᠠᠨ ᠦᠷᠢᠰᠦᠯᠳᠦᠬᠦ᠌ ᠬᠤᠶᠠᠷ ᠵᠦᠢᠯ᠎ᠤᠨ ᠤᠷᠤᠯᠳᠤᠭᠠᠨ᠎ᠤ ᠬᠡᠯᠪᠡᠷᠢ ᠲᠠᠢ᠃ ᠡᠭᠦᠨ᠎ᠳᠦ ᠢᠯᠲᠦ᠍᠂ ᠱᠢᠲᠠᠮ᠂ ᠲᠠᠱᠢᠭᠤᠷ᠂ ᠨᠢᠳᠤᠷᠭ᠎ᠠ᠂ ᠰᠡᠯᠡᠮ᠎ᠡ᠎ᠶᠢᠨ ᠡᠷᠳᠡᠮ ᠵᠡᠷᠭᠡ᠎ᠵᠢ ᠪᠠᠭ᠍ᠲᠠᠭᠠᠨ᠎ᠠ᠃

ᠬᠢᠩᠭᠠᠨ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠤᠨ ᠴᠧᠨ ᠵᠢᠶᠧ ᠪᠣᠯ ᠲᠤᠰ ᠤᠳᠠᠭᠠᠨ᠎ᠤ ᠵᠡᠪᠰᠡᠭ᠎ᠤᠨ ᠡᠷᠳᠡᠮ᠎ᠤᠨ ᠤᠷᠤᠯᠳᠤᠭᠠᠨ᠎ᠤ ᠨᠠᠰᠤ ᠪᠠᠷ ᠬᠠᠮᠤᠭ᠎ᠤᠨ ᠠᠬᠠᠮᠠᠳ ᠲᠠᠮᠢᠷᠴᠢᠨ ᠪᠤᠯᠤᠨ᠎ᠠ᠃ ᠲᠡᠷᠡ᠄ 《ᠡᠨᠡ ᠤᠳᠠᠭᠠᠨ᠎ᠤ ᠤᠷᠤᠯᠳᠤᠭᠠᠨ᠎ᠳᠤ ᠣᠷᠣᠯᠴᠠᠭ᠍ᠰᠠᠨ᠎ᠳᠠᠭᠠᠨ ᠮᠠᠰᠢ ᠪᠠᠶᠠᠷ ᠲᠠᠢ ᠪᠠᠢᠨ᠎ᠠ᠂ ᠪᠥᠬᠥ᠌ ᠣᠷᠣᠨ᠎ᠤ ᠡᠯ᠎ᠡ ᠠᠢᠮᠠᠭ ᠬᠣᠲᠠ ᠡᠯ᠎ᠡ ᠦᠨᠳᠦᠰᠦᠲᠡᠨ᠎ᠦ ᠲᠠᠮᠢᠷᠴᠢᠳ᠎ᠲᠤ ᠬᠠᠷᠢᠯᠴᠠᠨ ᠰᠣᠯᠢᠯᠴᠠᠨ ᠰᠤᠷᠤᠯᠴᠠᠬᠤ ᠲᠠᠪᠴᠠᠨᠭ᠌ ᠬᠠᠨᠭᠭᠠᠵᠤ ᠦᠭᠬᠦᠭᠰᠠᠨ ᠨᠠᠮ ᠵᠠᠰᠠᠭ᠎ᠲᠠᠭᠠᠨ ᠲᠠᠯᠠᠷᠬᠠᠵᠦ ᠪᠠᠢᠨ᠎ᠠ》 ᠭᠡᠵᠦ ᠶᠠᠷᠢᠵᠦ ᠪᠠᠢᠯ᠎ᠠ᠃ ᠵᠡᠪᠰᠡᠭ᠎ᠤᠨ ᠡᠷᠳᠡᠮ᠎ᠤᠨ ᠲᠥᠷᠥᠯ ᠵᠦᠢᠯ᠎ᠦᠨ ᠶᠡᠷᠦᠩᠬᠡᠶ ᠬᠢᠨᠠᠭ᠍ᠴᠢ ᠵᠠᠩ ᠼᠠᠢ ᠴᠢᠨ᠄《ᠲᠤᠰ ᠤᠳᠠᠭᠠᠨ᠎ᠤ ᠤᠷᠤᠯᠳᠤᠭᠠᠨ᠎ᠳᠦ ᠠᠳᠠᠯᠢ ᠪᠤᠰᠤ ᠨᠠᠰᠤ ᠵᠢᠯ᠂ ᠠᠳᠠᠯᠢ ᠪᠤᠰᠤ ᠦᠨᠳᠦᠰᠦᠲᠡᠨ᠎ᠦ ᠲᠠᠮᠢᠷᠴᠢᠳ ᠬᠠᠮᠲᠤ ᠪᠠᠷ ᠤᠷᠤᠯᠳᠤᠵᠤ᠂ ᠬᠠᠷᠢᠯᠴᠡᠨ ᠰᠤᠷᠤᠯᠴᠠᠵᠦ᠂ ᠬᠠᠮᠳᠤ ᠪᠡᠷ ᠲᠠᠪᠰᠢᠵᠦ᠂ ᠨᠠᠩ ᠣᠯᠠᠨ ᠬᠥᠮᠦᠰ᠎ᠲᠦ ᠵᠡᠪᠰᠡᠭ᠎ᠤᠨ ᠡᠷᠳᠡᠮ᠎ᠤᠨ ᠷᠢᠳᠢ ᠱᠢᠳᠢ᠎ᠶ᠋ᠢ ᠮᠡᠳᠡᠷᠡᠭᠦᠯᠪᠡ》 ᠭᠡᠵᠦ ᠤᠷᠮᠠᠲᠠᠢᠬᠠᠨ ᠶᠠᠷᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面