ᠰᠣᠶᠣᠯ ᠤᠷᠠᠯᠢᠭ > ᠠᠷᠪᠠᠳᠤᠭᠠᠷ ᠬᠤᠭᠤᠴᠠᠭᠠᠨ᠎ᠤ᠋ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤ᠋ᠨ ᠴᠤᠭᠯᠠᠭᠠᠨ

2023-07-13 10:08:48

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

7 ᠰᠠᠷ᠎ᠠ᠎ᠶ᠋ᠢᠨ 10᠎ᠤ᠋ ᠡᠳᠦᠷ᠂ ᠦᠪᠡᠷᠳᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠮᠣᠩᠭᠣᠯ ᠭᠡᠷ ᠪᠤᠰᠬᠠᠬᠤ ᠤᠷᠤᠯᠳᠤᠭᠠᠨ ᠤᠯᠠᠭᠠᠨᠴᠠᠪ ᠬᠤᠳᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠶᠠᠪᠤᠭ᠍ᠳᠠᠪᠠ᠃


微信图片_20230713093542.jpg


ᠦᠳᠡ᠎ᠶ᠋ᠢᠨ ᠡᠮᠦᠨᠡᠬᠢ 9 ᠴᠠᠭ᠎ᠲᠤ ᠮᠣᠩᠭᠣᠯ ᠭᠡᠷ ᠪᠤᠰᠬᠠᠬᠤ ᠤᠷᠤᠯᠳᠤᠭᠠᠨ ᠵᠢᠩᠬᠢᠨᠢ ᠪᠡᠷ ᠡᠬᠢᠯᠡᠪᠡ᠃ ᠤᠷᠢᠳ ᠵᠢᠡᠷ ᠮᠣᠩᠭᠣᠯ ᠭᠡᠷ᠎ᠤᠨ ᠡᠭᠦᠳᠡ᠂ ᠲᠠᠷᠠᠭ᠎ᠠ ᠨᠢ ᠬᠠᠨ᠎ᠠ ᠪᠠᠨ ᠪᠠᠷᠠᠭᠤᠨ ᠲᠠᠯ᠎ᠠ ᠡᠴᠡ ᠨᠢ ᠡᠬᠢᠯᠡᠨ ᠪᠤᠰᠬᠠᠵᠦ᠂ ᠵᠡᠭᠦᠨ ᠲᠠᠯ᠎ᠠ᠎ᠳᠦᠨᠢ ᠲᠡᠭᠦᠰᠭᠡᠨ᠎ᠡ ᠁ ᠤᠷ᠎ᠠ ᠮᠡᠷᠭᠡᠵᠢᠯ᠂ ᠪᠦᠯᠬᠦᠮᠳᠡᠯ᠂ ᠬᠤᠷᠳᠤᠴᠠ᠂ ᠶᠠᠰᠤ ᠴᠢᠨᠠᠷ᠂ ᠭᠤᠸ᠎ᠠ ᠰᠠᠢᠬᠠᠨ᠎ᠤ ᠮᠦᠷᠦᠢᠴᠡᠭᠡᠨ ᠬᠤᠷᠠᠭᠰᠠᠨ ᠤᠯᠠᠨ᠎ᠢ ᠭᠠᠢᠬᠠᠰᠢ ᠠᠯᠳᠠᠭᠤᠯᠤᠨ᠎ᠠ᠃

ᠮᠣᠩᠭᠣᠯ ᠬᠡᠷ ᠪᠤᠰᠬᠠᠬᠤ ᠤᠷᠤᠯᠳᠤᠭᠠᠨ᠎ᠳᠤ ᠨᠡᠢᠲᠡ 5 ᠲᠥᠯᠥᠭᠡᠯᠡᠭ᠌ᠴᠢᠳ᠎ᠦᠨ ᠠᠩᠬᠢ ᠣᠷᠣᠯᠴᠠᠵᠠᠢ᠂ ᠲᠡᠳᠡᠭᠡᠷ ᠨᠢ ᠲᠣᠰ ᠲᠣᠰ ᠬᠥᠬᠡᠬᠣᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠣᠲᠠ᠂ ᠣᠷᠳᠣᠰ ᠬᠣᠲᠠ᠂ ᠤᠯᠠᠭᠠᠨᠬᠠᠳᠠ ᠬᠣᠲᠠ᠎ᠶᠢᠨ ᠠᠩᠬᠢ ᠪᠤᠯᠤᠨ᠎ᠠ᠃ ᠲᠥᠯᠥᠭᠡᠯᠡᠭ᠌ᠴᠢᠳ᠎ᠦᠨ ᠠᠩᠭᠢ ᠪᠦᠷᠢ ᠨᠢ ᠬᠦᠢᠰᠦ ᠢᠯᠭᠠᠬᠤ ᠦᠭᠡᠢ 3 ᠬᠥᠮᠦᠨ᠎ᠶ᠋ᠢᠡᠷ ᠪᠦᠷᠢᠯᠳᠦᠵᠦ᠂ ᠨᠢᠭᠡ ᠴᠠᠭ᠎ᠤᠨ ᠳᠣᠲᠣᠷ᠎ᠠ ᠮᠤᠨᠭᠭᠤᠯ ᠭᠡᠷ ᠪᠤᠰᠬᠠᠬᠤ᠎ᠳᠦ ᠬᠡᠷᠡᠭ᠌ᠯᠡᠭ᠌ᠰᠡᠨ ᠴᠠᠭ ᠨᠢ ᠣᠬᠣᠷ᠂ ᠶᠠᠰᠤ ᠴᠢᠨᠠᠷ ᠨᠢ ᠰᠠᠢᠨ᠂ ᠬᠡᠯᠪᠡᠷᠢ ᠨᠢ ᠭᠤᠶᠤ ᠪᠦᠭᠡᠳ ᠪᠦᠭᠡᠯᠢᠭ ᠪᠠᠢᠬᠤ ᠪᠡᠷ ᠪᠠᠷᠢᠮᠵᠢᠶ᠎ᠡ ᠪᠤᠯᠭᠠᠵᠦ ᠲᠡᠰ᠎ᠳᠤᠭᠠᠷ᠎ᠢ ᠰᠢᠯᠭᠠᠷᠠᠭᠤᠯᠪᠠ᠃ ᠤᠯᠠᠭᠠᠨᠴᠠᠪ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠬᠢ 39 ᠮᠢᠨᠦ᠋ᠲ ᠲᠸ᠋ ᠭᠤᠶᠤ ᠰᠠᠢᠬᠠᠨ ᠮᠤᠩᠭᠤᠯ ᠬᠡᠷ ᠪᠤᠰᠬᠠᠵᠤ᠂ ᠬᠠᠮᠤᠭ᠎ᠤᠨ ᠲᠦᠷᠭᠡᠨ ᠮᠤᠩᠭᠤᠯ ᠬᠡᠷ ᠪᠤᠰᠬᠠᠭᠰᠠᠨ ᠱᠠᠩᠨᠠᠯ᠎ᠢ ᠭᠥᠷᠳᠡᠵᠦ᠍᠂ ᠱᠢᠯᠢ᠎ᠶ᠋ᠢᠨ ᠭᠤᠤᠯ ᠠᠢᠮᠠᠭ᠎ᠤᠨ ᠲᠥᠯᠥᠭᠡᠯᠡᠭ᠌ᠴᠢᠳ᠎ᠦᠨ ᠠᠩᠬᠢ ᠬᠠᠮᠤᠭ᠎ᠤᠨ ᠴᠢᠨᠠᠷ ᠰᠠᠢᠨ ᠮᠣᠩᠭᠣᠯ ᠬᠡᠷ ᠪᠤᠰᠬᠠᠭᠰᠠᠨ ᠱᠠᠩᠨᠠᠯ᠎ᠢ ᠭᠥᠷᠳᠡᠵᠦ᠍᠂ ᠣᠷᠳᠣᠰ ᠬᠣᠲᠠ᠎ᠶᠢᠨ ᠲᠥᠯᠥᠭᠡᠯᠡᠭ᠌ᠴᠢᠳ᠎ᠦᠨ ᠠᠩᠬᠢ ᠬᠠᠮᠤᠭ᠎ᠤᠨ ᠪᠦᠲᠦᠨ ᠰᠠᠢᠬᠠᠨ ᠮᠣᠩᠭᠣᠯ ᠬᠡᠷ ᠪᠤᠰᠬᠠᠭᠰᠠᠨ ᠱᠠᠩᠨᠠᠯ᠎ᠢ ᠭᠥᠷᠳᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面