2023-08-02 20:40:50
7 ᠰᠠᠷ᠎ᠠ ᠶᠢᠨ 30 ᠤ᠋ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ 《ᠪᠠᠶᠠᠨᠮᠥ᠋ᠩᠬᠡ ᠬᠤᠨᠳᠠᠭᠠᠲᠤ》 ᠣᠯᠠᠨ ᠤᠯᠤᠰ ᠤᠨ ᠮᠠᠶᠢᠭ᠋ ᠤᠨ ᠪᠥᠬᠡ ᠶᠢᠨ ᠤᠷᠤᠯᠳᠤᠭᠠᠨ ᠣᠷᠳᠣᠰ ᠬᠣᠲᠠ ᠶᠢᠨ ᠮᠣᠩᠭᠣᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠥᠨᠳᠥᠷᠯᠡᠪᠡ᠃
ᠤᠷᠤᠯᠳᠤᠭᠠᠨ ᠳᠤ ᠪᠦᠬᠦ ᠣᠷᠣᠨ ᠤ ᠡᠯ᠎ᠡ ᠠᠢᠮᠠᠭ ᠬᠣᠲᠠ ᠶᠢᠨ 13 ᠲᠥᠯᠥᠭᠡᠯᠡᠭᠴᠢᠳ ᠦᠨ ᠠᠩᠭᠢ ᠶᠢᠨ 595 ᠲᠠᠮᠢᠷᠴᠢᠨ ᠡᠷᠡᠭᠲᠡᠢ ᠶᠢᠨ ᠴᠢᠯᠦᠭᠡᠲᠦ ᠪᠠᠷᠢᠯᠳᠤᠭᠠᠨ᠂ ᠡᠮᠡᠭᠲᠡᠢ ᠶᠢᠨ ᠴᠢᠯᠦᠭᠡᠲᠦ ᠪᠠᠷᠢᠯᠳᠤᠭᠠᠨ᠂ ᠡᠷᠲᠡᠨ ᠦ ᠮᠠᠶᠢᠭ᠋ ᠤᠨ ᠪᠠᠷᠢᠯᠳᠤᠭᠠᠨ ᠵᠡᠷᠭᠡ 3 ᠵᠦᠢᠯᠤᠨ ᠤᠷᠤᠯᠳᠤᠭᠠᠨ ᠳ᠋ᠤ ᠪᠠᠷᠢᠯᠳᠤᠵᠠᠢ ᠃ 5 ᠡᠳᠦᠷ ᠦᠨ ᠬᠤᠷᠴᠠ ᠰᠢᠷᠦᠭᠦᠨ ᠥᠷᠢᠰᠦᠯᠳᠦᠭᠡᠨ ᠢᠶᠡᠷ ᠳᠠᠮᠵᠢᠨ ᠨᠡᠶ᠋ᠢᠲᠡ 79 ᠠᠯᠲᠠᠨ ᠮᠧᠳᠠᠯ ᠰᠢᠯᠭᠠᠷᠠᠭᠤᠯᠵᠤ᠂ ᠲᠦᠩᠯᠢᠶᠣᠣ ᠬᠣᠲᠠ ᠶᠢᠨ ᠲᠥᠯᠥᠭᠡᠯᠡᠭᠴᠢᠳ ᠦᠨ ᠠᠩᠭᠢ ᠨᠡᠶ᠋ᠢᠲᠡ 17 ᠠᠯᠲᠠᠨ ᠮᠧᠳᠠᠯ ᠣᠯᠵᠤ ᠂ ᠠᠯᠲᠠᠨ ᠮᠧᠳᠠᠯ ᠤᠯᠤᠭᠰᠠᠨ ᠲᠤᠭ᠎ᠠ ᠪᠡᠷ ᠲᠡᠷᠢᠭᠦᠨ ᠳᠦ ᠵᠢᠭᠰᠠᠵᠤ ᠂ ᠲᠤᠰ ᠬᠤᠭᠤᠴᠠᠭᠠᠨ ᠤ ᠣᠯᠠᠨ ᠤᠯᠤᠰ ᠤᠨ ᠮᠠᠶᠢᠭ᠋ ᠤᠨ ᠪᠥᠬᠡ ᠶᠢᠨ ᠤᠷᠤᠯᠳᠤᠭᠠᠨ ᠤ ᠬᠠᠮᠤᠭ ᠤᠨ ᠶᠡᠬᠡ ᠢᠯᠠᠭ᠍ᠴᠢ ᠪᠣᠯᠵᠠᠢ;ᠴᠤᠬᠯᠠᠭᠠᠨᠢ ᠡᠷᠬᠢᠯᠡᠭᠴᠢ ᠲᠠᠯ᠎ᠠ ᠪᠤᠯᠬᠤ ᠣᠷᠳᠣᠰ ᠬᠣᠲᠠ ᠶᠢᠨ ᠲᠥᠯᠥᠭᠡᠯᠡᠭᠴᠢᠳ ᠦᠨ ᠠᠩᠭᠢ ᠪᠠ ᠰᠢᠯᠢ ᠶᠢᠨ ᠭᠣᠣᠯ ᠠᠢᠮᠠᠭ ᠤᠨ ᠲᠥᠯᠥᠭᠡᠯᠡᠭᠴᠢᠳ ᠦᠨ ᠠᠩᠭᠢ ᠠᠯᠲᠠᠨ ᠮᠧᠳᠠᠯ ᠤᠯᠤᠭᠰᠠᠨ ᠲᠤᠭ᠎ᠠ ᠪᠡᠷ ᠬᠣᠶᠠᠳᠤᠭᠠᠷ ᠂ ᠭᠤᠷᠪᠠᠳᠤᠭᠠᠷ ᠲᠤ ᠵᠢᠭ᠍ᠰᠠᠭᠠᠭᠳᠠᠵᠤ᠂ ᠲᠤᠰ ᠲᠤᠰ 15 ᠠᠯᠳᠠᠨ ᠮᠸᠳᠠᠯ ᠂ 14 ᠠᠯᠲᠠᠨ ᠮᠧᠳᠠᠯ ᠣᠯᠵᠠᠢ᠃
ᠲᠣᠰ ᠤᠳᠠᠭᠠᠨ ᠤ ᠤᠷᠤᠯᠳᠤᠭᠠᠨ ᠪᠣᠯ ᠪᠦᠬᠦ ᠣᠷᠣᠨ ᠤ ᠪᠠᠷᠢᠮᠵᠢᠶ᠎ᠠ ᠪᠠᠷ ᠬᠠᠮᠤᠭ ᠤᠨ ᠥᠨᠳᠥᠷ᠂ ᠦᠷᠢᠰᠦᠯᠳᠦᠬᠡᠨ ᠵᠢᠡᠷ ᠬᠠᠮᠤᠭ ᠤᠨ ᠴᠢᠩᠭ᠎ᠠ ᠣᠯᠠᠨ ᠤᠯᠤᠰ ᠤᠨ ᠮᠠᠶᠢᠭ᠋ ᠤᠨ ᠪᠥᠬᠡ ᠶᠢᠨ ᠤᠷᠤᠯᠳᠤᠭᠠᠨ ᠪᠣᠯᠣᠨ᠎ᠠ᠂ ᠤᠷᠤᠯᠳᠤᠭᠠᠨ ᠳᠤ ᠣᠷᠣᠯᠴᠠᠭᠰᠠᠨ ᠡᠯ᠎ᠡ ᠠᠩᠭᠢ ᠶᠢᠨ ᠬᠢᠨ ᠡᠷᠡᠯᠬᠡᠭᠯᠡᠨ ᠲᠡᠮᠡᠴᠡᠵᠦ᠂ ᠰᠠᠢᠨ ᠰᠠᠢᠬᠠᠨ ᠣᠶᠤᠨ ᠰᠠᠨᠠᠭᠠᠨ ᠤ ᠳᠦᠷᠰᠦ ᠪᠠᠢᠳᠠᠯ ᠪᠠ ᠰᠢᠯᠢᠳᠡᠭ ᠤᠷᠤᠯᠳᠤᠭᠠᠨ ᠤ ᠪᠠᠢᠳᠠᠯ ᠢ ᠢᠯᠡᠷᠡᠭᠦᠯᠦᠭᠰᠡᠨ ᠢᠶᠡᠷ ᠪᠠᠷᠠᠬᠤ ᠦᠭᠡᠢ᠂ ᠪᠠᠰᠠ ᠨᠤᠭᠤᠷᠠᠰᠢ ᠦᠭᠡᠢ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ᠋ ᠰᠠᠨᠠᠭ᠎ᠠ ᠪᠡᠷ ᠤᠷᠤᠯᠳᠤᠭᠠᠨ ᠤ ᠬᠡᠪ ᠨᠠᠮᠪᠠ᠂ ᠤᠷᠤᠯᠳᠤᠭᠠᠨ ᠤ ᠲᠦᠪᠰᠢᠨ ᠢ ᠢᠯᠡᠷᠡᠭᠦᠯᠵᠦ᠂ ᠥᠪᠥᠷ ᠮᠣᠩᠭᠣᠯ ᠤᠨ ᠣᠯᠠᠨ ᠤᠯᠤᠰ ᠤᠨ ᠮᠠᠶᠢᠭ᠋ ᠤᠨ ᠪᠥᠬᠡ ᠶᠢᠨ ᠲᠥᠷᠥᠯ ᠵᠦᠢᠯ ᠦᠨ ᠰᠠᠢᠨ ᠰᠠᠢᠬᠠᠨ ᠬᠥᠭᠵᠢᠯᠲᠡ ᠶᠢᠨ ᠬᠠᠨᠳᠤᠰᠢ ᠶᠢ ᠲᠤᠰᠬᠠᠨ᠂ ᠥᠪᠡᠷᠲᠡᠭᠡᠨ ᠵᠠᠰᠠᠬᠤ ᠣᠷᠣᠨ ᠤ ᠪᠥᠬᠡ ᠶᠢᠨ ᠲᠥᠷᠥᠯ ᠵᠦᠢᠯ ᠦᠨ ᠪᠡᠶ᠎ᠡ ᠶᠢᠨ ᠲᠠᠮᠢᠷ ᠤᠨ ᠠᠩᠭᠢ ᠶᠢᠨ ᠪᠡᠯᠡᠳᠬᠡᠯ ᠴᠢᠳᠠᠪᠤᠷᠢᠲᠠᠨ ᠢ ᠰᠢᠯᠢᠨ ᠰᠣᠩᠭᠣᠬᠤ ᠳᠤ ᠰᠠᠭᠤᠷᠢ ᠲᠠᠯᠪᠢᠭ᠍ᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃