ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-04 10:32:25

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

8 ᠰᠠᠷ᠎ᠠ ᠎ᠶ᠋ᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ ᠎ᠤ ᠲᠠᠮᠢᠷ ᠎ᠤᠨ ᠴᠤᠭ᠍ᠯᠠᠭᠠᠨ ᠎ᠤ ᠵᠢᠦᠳᠣᠣ ᠪᠦᠭᠡ᠎ᠶ᠋ᠢᠨ ᠤᠷᠤᠯᠳᠤᠭᠠᠨ᠎ᠤ ᠬᠠᠮᠤᠭ ᠰᠡᠭᠦᠯᠴᠢ ᠎ᠶ᠋ᠢᠨ ᠤᠷᠤᠯᠳᠤᠭᠠᠨ ᠎ᠤ ᠨᠢᠭᠡ ᠡᠳᠦᠷ ᠡᠷᠡᠭ᠌ᠲᠡᠢ ᠡᠮᠡᠭ᠌ᠲᠡᠢ ᠵᠢᠨ ᠬᠠᠮᠲᠤ ᠎ᠶ᠋ᠢᠨ ᠤᠷᠤᠯᠳᠤᠭᠠᠨ ᠶᠠᠪᠤᠭᠳᠠᠵᠤ᠂ ᠤᠯᠠᠭᠠᠨᠬᠠᠳᠠ ᠬᠤᠳᠠ ᠎ᠶ᠋ᠢᠨ ᠲᠥᠯᠥᠭᠡᠯᠡᠭ᠌ᠴᠢᠳ ᠎ᠦᠨ ᠠᠩᠭᠢ ᠪᠣᠯᠤᠨ ᠬᠥᠯᠥᠨ ᠪᠤᠢ᠌ᠷ ᠬᠤᠳᠠ ᠎ᠶ᠋ᠢᠨ ᠲᠥᠯᠥᠭᠡᠯᠡᠭ᠌ᠴᠢᠳ ᠎ᠦᠨ ᠠᠩᠭᠢ ᠲᠤᠰ ᠲᠤᠰ ᠬᠦᠬᠡ ᠳᠤᠭᠤᠢᠯᠠᠩ ᠎ᠤᠨ ᠮᠠᠩᠯᠠᠢ ᠪᠠ ᠬᠥᠬᠡᠭ᠌ᠴᠢᠨ ᠳᠤᠭᠤᠢᠯᠠᠩ ᠎ᠤᠨ ᠮᠠᠩᠯᠠᠢ ᠰᠢᠬᠦᠷᠴᠡᠢ᠃

ᠵᠢᠦᠳᠣᠣ ᠪᠦᠭᠡ ᠎ᠶ᠋ᠢᠨ ᠡᠷᠡᠭ᠌ᠲᠡᠶ ᠡᠮᠡᠭ᠌ᠲᠡᠶ ᠎ᠶ᠋ᠢᠨ ᠬᠠᠮᠲᠤ ᠎ᠶ᠋ᠢᠨ ᠤᠷᠤᠯᠳᠤᠭᠠᠨ ᠪᠤᠯ ᠲᠣᠣᠺᠢᠣ᠋ ᠎ᠶ᠋ᠢᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ ᠎ᠳᠤ ᠱᠢᠨ᠎ᠡ᠎ᠪᠡᠷ ᠨᠡᠮᠡᠭ᠌ᠳᠡᠭ᠌ᠰᠡᠨ ᠲᠥᠷᠥᠯ ᠵᠦᠢᠯ ᠪᠠᠢᠵᠦ᠂ ᠬᠤᠪᠢ ᠬᠥᠮᠦᠨ ᠎ᠦ ᠤᠷᠤᠯᠳᠤᠭᠠᠨ ᠎ᠲᠠᠶ ᠬᠠᠷᠢᠴᠠᠭᠤᠯᠪᠠᠯ᠂ ᠬᠠᠮᠲᠤ ᠎ᠶ᠋ᠢᠨ ᠤᠷᠤᠯᠳᠤᠭᠠᠨ ᠨᠢ ᠨᠢᠭᠡ ᠡᠩᠨᠡᠭᠡ ᠎ᠶ᠋ᠢᠨ ᠪᠦᠬᠦᠯᠢ ᠴᠣᠭ᠍ᠴᠠ ᠎ᠶ᠋ᠢᠨ ᠲᠦᠪᠱᠢᠨ ᠎ᠢ ᠱᠢᠯᠭᠠᠵᠤ᠂ ᠠᠯᠲᠠᠨ ᠮᠧᠳᠠᠯ ᠎ᠤᠨ ᠦᠨ᠎ᠡ ᠥᠷᠲᠡᠭ ᠨᠢ ᠮᠠᠰᠢ ᠥᠨᠳᠥᠷ ᠪᠠᠶ᠋ᠢᠳᠠᠭ᠃ ᠤᠯᠠᠭᠠᠨᠬᠠᠳᠠ ᠬᠣᠲᠠ ᠎ᠶ᠋ᠢᠨ ᠲᠥᠯᠥᠭᠡᠯᠡᠭ᠌ᠴᠢᠳ ᠎ᠦᠨ ᠠᠩᠭᠢ ᠎ᠶ᠋ᠢᠨ ᠳᠠᠰᠭᠠᠯᠵᠢᠭᠤᠯᠤᠭ᠍ᠴᠢ ᠭᠡᠷᠡᠯᠲᠦ᠄ 《ᠤᠯᠠᠭᠠᠨᠬᠠᠳᠠ ᠬᠣᠲᠠ 62 ᠲᠠᠮᠢᠷᠴᠢᠨ ᠲᠣᠮᠢᠯᠠᠵᠤ ᠵᠢᠦᠳᠣᠣ ᠪᠦᠭᠡ ᠎ᠶ᠋ᠢᠨ ᠤᠷᠤᠯᠳᠤᠭᠠᠨ ᠎ᠤ ᠵᠦᠢᠯ ᠎ᠳᠦ ᠣᠷᠣᠯᠴᠠᠭᠤᠯᠪᠠ᠃ ᠲᠠᠮᠢᠷᠴᠢᠳ ᠎ᠤᠨ ᠤᠷᠤᠯᠳᠤᠭᠠᠨ ᠎ᠤ ᠪᠠᠢᠳᠠᠯ ᠨᠢ ᠡᠳᠦᠷ ᠲᠤᠲᠤᠮ ᠎ᠤᠨ ᠪᠣᠯᠪᠠᠰᠤᠷᠠᠯ ᠎ᠤᠨ ᠦᠷ᠎ᠡ ᠪᠦᠲᠦᠭᠡᠯ ᠎ᠢ ᠳᠡᠯᠭᠡᠨ ᠦᠵᠡᠭᠦᠯᠵᠦ᠍᠂ ᠤᠯᠠᠭᠠᠨ ᠳᠤᠭᠤᠢᠯᠠᠩ ᠎ᠤᠨ ᠵᠠᠯᠠᠭᠤ ᠲᠠᠮᠢᠷᠴᠢᠨ ᠵᠢᠦᠳᠣᠣ ᠪᠦᠭᠡ᠎ᠶ᠋ᠢᠨ ᠲᠥᠷᠥᠯ ᠵᠦᠢᠯ ᠎ᠳᠤ ᠤᠷᠤᠯᠴᠠᠭᠠᠳ ᠳᠡᠮᠡᠶ ᠤᠳᠠᠭᠠᠳᠤᠶ ᠪᠣᠯᠪᠠᠴᠤ᠌ ᠤᠷᠤᠯᠳᠤᠭᠠᠨ ᠎ᠢᠶᠠᠷ ᠳᠠᠮᠵᠢᠨ ᠨᠠᠨᠳᠢᠨ ᠲᠤᠷᠱᠢᠯᠭ᠎ᠠ ᠬᠤᠷᠠᠮᠳᠤᠭᠤᠯᠤᠭ᠍ᠰᠠᠨ ᠪᠠᠢᠨ᠎ᠠ᠃ ᠵᠠᠯᠭᠠᠭᠠᠳ ᠪᠢ ᠦᠷᠭᠦᠯᠵᠢᠯᠡᠨ ᠭᠡᠱᠢᠭᠦᠳ ᠎ᠢᠶᠡᠨ ᠳᠠᠭᠠᠭᠤᠯᠤᠨ ᠲᠠᠮᠢᠷ ᠲᠡᠩᠬᠡᠭᠡ ᠪᠠ ᠮᠡᠷᠭᠡᠵᠢᠯ ᠎ᠦᠨ ᠬᠥᠳᠡᠯᠭᠡᠭᠡᠨ ᠎ᠦ ᠪᠣᠯᠪᠠᠰᠤᠷᠠᠯ ᠎ᠢᠶᠠᠨ ᠴᠢᠩᠭᠠᠳᠭᠠᠨ᠎ᠠ》 ᠭᠡᠯ᠎ᠡ᠃

ᠲᠤᠬᠠᠶ ᠎ᠶ᠋ᠢᠨ ᠲᠠᠯᠠᠪᠠᠢ ᠎ᠳᠤ ᠡᠯ᠎ᠡ ᠲᠥᠯᠥᠭᠡᠯᠡᠭ᠌ᠴᠢᠳ ᠎ᠦᠨ ᠠᠩᠭᠢ ᠎ᠶ᠋ᠢᠨ ᠪᠢᠴᠢᠬᠠᠨ ᠲᠠᠮᠢᠷᠴᠢᠳ ᠰᠢᠷᠦᠭᠦᠨ ᠲᠡᠮᠡᠴᠡᠯᠳᠦᠵᠦ᠍᠂ ᠡᠰᠡᠬᠦᠯ᠎ᠡ ᠱᠢᠷᠦᠭᠦᠨ ᠳᠠᠭᠠᠷᠢᠯᠲᠠ ᠶᠠᠪᠤᠭᠤᠯᠵᠤ᠂ ᠡᠰᠡᠬᠦᠯ᠎ᠡ ᠬᠠᠷᠢᠯᠴᠠᠨ ᠲᠤᠷᠱᠢᠨ ᠦᠵᠡᠯᠴᠡᠵᠦ᠍᠂ ᠤᠷᠤᠯᠳᠤᠭᠠᠨ ᠨᠢ ᠮᠠᠰᠢ ᠰᠣᠨᠢᠷᠬᠠᠯᠲᠠᠶ ᠶᠠᠪᠤᠬᠳᠠᠵᠠᠢ ᠃ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ ᠎ᠤ ᠲᠠᠮᠢᠷ ᠎ᠤᠨ ᠴᠤᠭ᠍ᠯᠠᠭᠠᠨ ᠎ᠤ ᠵᠢᠦᠳᠣᠣ ᠪᠦᠭᠡ᠎ᠶ᠋ᠢᠨ ᠲᠥᠷᠥᠯ ᠵᠦᠶ᠋ᠯ ᠎ᠦᠨ ᠬᠢᠨᠠᠭ᠍ᠴᠢᠳ᠎ᠤᠨ ᠳᠠᠷᠤᠭ᠎ᠠ ᠲᠤᠶᠠᠭ᠎ᠠ᠄ 《ᠲᠤᠰ ᠬᠤᠭᠤᠴᠠᠭᠠᠨ ᠎ᠤ ᠲᠠᠮᠢᠷ ᠎ᠤᠨ ᠴᠤᠭ᠍ᠯᠠᠭᠠᠨ ᠎ᠤ ᠵᠢᠦᠳᠣᠣ ᠪᠦᠭᠡ ᠎ᠶ᠋ᠢᠨ ᠤᠷᠤᠯᠳᠤᠭᠠᠨ᠎ᠤ ᠲᠥᠷᠥᠯ ᠵᠦᠶ᠋ᠯ ᠎ᠳᠤ 13 ᠲᠥᠯᠥᠭᠡᠯᠡᠭ᠌ᠴᠢᠳ ᠎ᠦᠨ ᠠᠩᠭᠢ ᠎ᠶ᠋ᠢᠨ 420 ᠭᠠᠷᠤᠶ ᠲᠠᠮᠢᠷᠴᠢᠨ ᠣᠷᠣᠯᠴᠠᠵᠤ᠂ ᠨᠡᠢᠲᠡ 52 ᠠᠯᠲᠠᠨ ᠮᠧᠳᠠᠯ ᠭᠠᠷᠴᠠᠶ᠃ ᠡᠨᠡ ᠤᠳᠠᠭᠠᠨ ᠎ᠤ ᠤᠷᠤᠯᠳᠤᠭᠠᠨ ᠎ᠢᠶᠠᠷ ᠳᠠᠮᠵᠢᠨ᠂ ᠥᠪᠥᠷ ᠮᠣᠩᠭᠣᠯ ᠎ᠤᠨ ᠵᠠᠯᠠᠭᠤᠴᠤᠳ ᠪᠠᠭᠠᠴᠤᠳ ᠎ᠤᠨ ᠵᠢᠦᠳᠣᠣ ᠪᠦᠭᠡ᠎ᠶ᠋ᠢᠨ ᠲᠥᠷᠥᠯ ᠵᠦᠢᠯ ᠲᠦᠷᠭᠡᠨ ᠬᠥᠭ᠌ᠵᠢᠵᠦ᠍᠂ ᠢᠯᠠᠩᠭᠤᠶ᠎ᠠ ᠬᠥᠬᠡᠭ᠌ᠴᠢᠨ ᠳᠤᠭᠤᠢᠯᠠᠩ ᠪᠠ ᠤᠯᠠᠭᠠᠨ ᠳᠤᠭᠤᠢᠯᠠᠩ ᠎ᠤᠨ ᠬᠢᠨ ᠎ᠤ ᠮᠠᠰᠢ ᠶᠡᠬᠡ ᠳᠡᠭᠡᠭ᠌ᠰᠢᠯᠡᠯᠲᠡ᠎ᠲᠡᠶ ᠪᠣᠯᠤᠭ᠍ᠰᠠᠨ ᠎ᠢ ᠪᠢᠳᠡ ᠣᠯᠵᠤ ᠬᠠᠷᠠᠯ᠎ᠠ᠃ ᠡᠭᠦᠨ ᠎ᠡᠴᠡ ᠭᠠᠳᠠᠨ᠎ᠠ᠂ ᠤᠷᠤᠯᠳᠤᠭᠠᠨ ᠨᠢ ᠪᠠᠰᠠ ᠤᠯᠤᠰ ᠎ᠤᠨ ᠪᠡᠶ᠎ᠡ ᠎ᠶ᠋ᠢᠨ ᠲᠠᠮᠢᠷ ᠎ᠤᠨ ᠶᠡᠷᠦᠩᠬᠡᠶ ᠲᠣᠪᠴᠢᠶ᠎ᠠ ᠎ᠶ᠋ᠢᠨ ᠬᠦᠴᠦᠲᠡᠶ ᠳᠡᠮᠵᠢᠯᠭᠡ ᠎ᠶ᠋ᠢ ᠣᠯᠵᠤ᠂ ᠪᠢᠳᠡ ᠠᠨᠾᠦ᠋ᠢ᠂ ᠱᠠᠩᠬᠠᠶ ᠵᠡᠷᠭᠡ ᠭᠠᠵᠠᠷ ᠎ᠠᠴᠠ ᠣᠯᠠᠨ ᠤᠯᠤᠰ ᠎ᠤᠨ ᠲᠡᠰ ᠎ᠤᠨ 3 ᠬᠢᠨᠠᠭ᠍ᠴᠢ ᠎ᠶ᠋ᠢ ᠤᠷᠢᠵᠤ ᠤᠷᠤᠯᠳᠤᠭᠠᠨ ᠎ᠤ ᠪᠣᠭᠣᠮᠲᠠ ᠎ᠶ᠋ᠢ ᠴᠢᠩᠭ᠎ᠠ ᠰᠠᠬᠢᠵᠦ᠂ ᠤᠷᠤᠯᠳᠤᠭᠠᠨ ᠎ᠤ ᠡᠷᠬᠡ ᠲᠡᠭ᠌ᠰᠢ᠂ ᠲᠥᠪ ᠭᠣᠣᠯᠴᠢ ᠪᠠᠢᠬᠤ ᠎ᠶ᠋ᠢ ᠪᠠᠲᠤᠯᠠᠪᠠ》 ᠭᠡᠵᠤ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面