2023-08-05 18:20:04
8 ᠰᠠᠷ᠎ᠠ ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ᠎ᠤᠨ ᠴᠤᠭ᠍ᠯᠠᠭᠠᠨ᠎ᠤ ᠫᠢᠩᠫᠠᠩ ᠪᠥᠮᠪᠥᠭᠡ᠎ᠶ᠋ᠢᠨ ᠲᠦᠷᠦᠯ᠎ᠤᠨ ᠤᠷᠤᠯᠳᠤᠭᠠᠨ ᠤᠷᠳᠤᠰ ᠬᠤᠳᠠ᠎ᠶ᠋ᠢᠨ ᠪᠡᠶ᠎ᠡ ᠶ᠋ᠢᠨ ᠲᠠᠮᠢᠷ᠎ᠤᠨ ᠦᠢᠯᠡᠰ ᠦᠨ ᠬᠥᠭ᠌ᠵᠢᠯᠲᠡ᠎ᠶ᠋ᠢᠨ ᠲᠥᠪ᠎ᠦᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠦᠨᠳᠦᠷᠯᠡᠵᠦ᠂ 21 ᠠᠯᠳᠠᠨ ᠮᠧᠳᠠᠯ ᠢ ᠰᠢᠯᠭᠠᠷᠠᠭᠤᠯᠵᠠᠢ᠃
ᠫᠢᠩᠫᠠᠩ ᠪᠥᠮᠪᠥᠭᠡ ᠵᠢᠨ ᠲᠦᠷᠦᠯ᠎ᠤᠨ ᠤᠷᠤᠯᠳᠤᠭᠠᠨ᠎ᠢ ᠨᠠᠰᠤᠨ᠎ᠤ ᠬᠡᠮᠵᠢᠶ᠎ᠡ᠎ᠪᠡᠷ ᠨᠢ ᠡᠷᠡᠭ᠌ᠲᠡᠶ ᠡᠮᠡᠭ᠌ᠲᠡᠶ ᠵᠢᠨ ᠬᠥᠬᠡ ᠳᠤᠭᠤᠢᠯᠠᠩ᠂ ᠬᠥᠬᠡᠭ᠌ᠴᠢᠨ ᠳᠤᠭᠤᠢᠯᠠᠩ ᠪᠠ ᠤᠯᠠᠭᠠᠨ ᠳᠤᠭᠤᠢᠯᠠᠩ ᠭᠡᠵᠦ᠍ ᠬᠤᠪᠢᠶᠠᠨ᠂ ᠲᠠᠩᠭᠠᠷ ᠴᠣᠬᠢᠬᠤ᠂ ᠬᠣᠣᠰᠯᠠᠨ ᠴᠣᠬᠢᠬᠤ᠂ ᠡᠷᠡᠭᠲᠡᠢ ᠡᠮᠡᠭᠲᠡᠢ ᠵᠢᠨ ᠬᠣᠣᠰᠯᠠᠨ ᠴᠣᠬᠢᠬᠤ ᠪᠠ ᠪᠥᠯᠬᠥᠮ ᠨᠢᠬᠡᠴᠡ᠎ᠶ᠋ᠢᠨ ᠤᠷᠤᠯᠳᠤᠭᠠᠨ ᠲᠣᠬᠢᠷᠠᠭᠤᠯᠵᠤ᠂ 10 ᠠᠢᠮᠠᠭ ᠬᠣᠲᠠ᠎ᠶᠢᠨ 257 ᠲᠠᠮᠢᠷᠴᠢᠨ ᠤᠷᠤᠯᠳᠤᠭᠠᠨ᠎ᠳᠤ ᠣᠷᠣᠯᠴᠠᠪᠠ᠃ ᠤᠷᠤᠯᠳᠤᠭᠠᠨ᠎ᠳᠤ ᠣᠷᠣᠯᠴᠠᠭ᠍ᠰᠠᠳ ᠣᠷᠭᠢᠯᠤᠮ᠎ᠠ ᠬᠠᠯᠠᠭᠤᠨ ᠰᠡᠳᠭᠢᠯᠭᠡ ᠪᠠᠷ ᠪᠦᠬᠦ᠌ ᠰᠡᠳᠭᠢᠯ ᠪᠦᠬᠦ᠌ ᠵᠣᠷᠢᠭ᠎ᠢᠶᠠᠷ ᠵᠢᠡᠨ ᠤᠷᠤᠯᠳᠤᠭᠠᠨ᠎ᠳᠤ ᠲᠡᠮᠡᠴᠡᠪᠡ᠃ ᠲᠠᠮᠢᠷᠴᠢᠳ᠎ᠤᠨ ᠦᠨᠳᠦᠷ ᠮᠡᠷᠭᠡᠵᠢᠯ᠂ ᠬᠤᠷᠴᠠ ᠱᠢᠷᠦᠭᠦᠨ ᠥᠷᠢᠰᠥᠯᠳᠦᠭᠡᠨ᠎ᠨᠢ ᠤᠷᠤᠯᠳᠤᠭᠠᠨ᠎ᠤ ᠲᠠᠳᠠᠬᠤ ᠬᠦᠴᠦᠨ᠎ᠢ ᠨᠡᠮᠡᠭᠳᠡᠬᠦᠯᠵᠦ᠂ ᠮᠠᠨ᠎ᠤ ᠣᠷᠣᠨ᠎ᠤ ᠵᠠᠯᠠᠭᠤᠴᠤᠳ ᠪᠠᠭᠠᠴᠤᠳ ᠲᠠᠮᠢᠷᠴᠢᠳ᠎ᠤᠨ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ ᠪᠠ ᠤᠷᠤᠯᠳᠤᠭᠠᠨ᠎ᠤ ᠲᠦᠪᠱᠢᠨ᠎ᠢ ᠢᠯᠡᠷᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠫᠢᠩᠫᠠᠩ ᠪᠥᠮᠪᠥᠭᠡ᠎ᠶ᠋ᠢᠨ ᠲᠥᠷᠥᠯ ᠵᠦᠶ᠋ᠯ᠎ᠦᠨ ᠬᠢᠨᠠᠭ᠍ᠴᠢᠳ᠎ᠤᠨ ᠳᠠᠷᠤᠭ᠎ᠠ ᠬᠠᠨ ᠦ᠋᠄ 《ᠨᠡ ᠤᠳᠠᠭᠠᠨ᠎ᠤ ᠤᠷᠤᠯᠳᠤᠭᠠᠨ ᠪᠣᠯ ᠥᠪᠥᠷ ᠮᠣᠩᠭᠣᠯ᠎ᠤᠨ ᠫᠢᠩᠫᠠᠩ ᠪᠥᠮᠪᠥᠭᠡ ᠶ᠋ᠢᠨ ᠲᠥᠷᠥᠯ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠦᠨ ᠲᠤᠬᠠᠢ ᠨᠢᠭᠡ ᠤᠳᠠᠭᠠᠨ᠎ᠤ ᠰᠤᠷᠢᠯᠳᠠ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠫᠢᠩᠫᠠᠩ ᠪᠥᠮᠪᠥᠭᠡ᠎ᠶ᠋ᠢᠨ ᠬᠥᠳᠡᠯᠭᠡᠭᠡᠨ᠎ᠦ ᠲᠦᠪᠱᠢᠨ ᠵᠢᠯ ᠳᠠᠷᠠᠭᠠᠯᠠᠨ ᠳᠡᠭᠡᠭ᠌ᠰᠢᠯᠡᠵᠦ᠍᠂ ᠨᠠᠩ ᠥᠨᠳᠥᠷ ᠭᠠᠵᠠᠷ ᠣᠷᠣᠨ ᠲᠡᠢᠰᠢ ᠣᠢᠷᠠᠲᠤᠵᠤ ᠪᠠᠢᠬᠤ᠎ᠶ᠋ᠢ ᠲᠠᠮᠢᠷᠴᠢᠳ᠎ᠤᠨ ᠢᠯᠡᠷᠡᠯ᠎ᠡᠴᠡ ᠦᠵᠡᠨ ᠭᠠᠷᠴᠤ᠌ ᠪᠣᠯᠤᠨ᠎ᠠ᠃ ᠡᠭᠦᠨ᠎ᠡᠴᠡ ᠭᠠᠳᠠᠨ᠎ᠠ᠂ ᠲᠤᠰ ᠬᠤᠭᠤᠴᠠᠭᠠᠨ ᠤ ᠲᠠᠮᠢᠷ᠎ᠤᠨ ᠴᠤᠭ᠍ᠯᠠᠭᠠᠨ᠎ᠤ ᠫᠢᠩᠫᠠᠩ ᠪᠥᠮᠪᠥᠭᠡ᠎ᠶ᠋ᠢᠨ ᠤᠷᠤᠯᠳᠤᠭᠠᠨ ᠨᠢ ᠪᠦᠬᠦ᠌ ᠤᠯᠤᠰ᠎ᠤᠨ ᠥᠨᠳᠥᠷ ᠪᠠᠷᠢᠮᠵᠢᠶ᠎ᠠ ᠪᠦᠬᠦᠢ ᠤᠷᠤᠯᠳᠤᠭᠠᠨ᠎ᠲᠠᠶ ᠵᠣᠯᠭᠠᠯᠳᠤᠵᠤ᠂ ᠫᠢᠩᠫᠠᠩ ᠪᠥᠮᠪᠥᠭᠡ᠎ᠶ᠋ᠢᠨ ᠤᠷᠤᠯᠳᠤᠭᠠᠨ᠎ᠤ ᠱᠢᠰᠲ᠋ᠧᠮ ᠢ ᠠᠩᠬ᠎ᠠ ᠤᠳᠠᠭ᠎ᠠ ᠣᠷᠣᠭᠤᠯᠤᠨ ᠠᠪᠴᠢᠷᠠᠵᠤ᠂ ᠬᠢᠨᠠᠭ᠍ᠴᠢ ᠭᠤᠤᠯᠯᠠᠨ ᠬᠢᠨᠠᠵᠤ ᠬᠤᠪᠢ ᠥᠭ᠌ᠬᠦ᠂ ᠳᠠᠬᠢᠨ ᠬᠢᠨᠠᠵᠤ ᠬᠤᠪᠢ ᠲᠡᠮᠲᠡᠭᠯᠡᠬᠦ᠂ ᠲᠤᠬᠠᠶ᠎ᠶ᠋ᠢᠨ ᠴᠠᠭ ᠤᠨ ᠬᠤᠪᠢ᠎ᠶ᠋ᠢᠨ ᠮᠡᠳᠡᠭᠡ ᠵᠠᠩᠭᠢ ᠵᠡᠷᠭᠡ᠎ᠶ᠋ᠢ ᠡᠯᠧᠺᠲᠷᠤᠨ ᠵᠢᠡᠷ ᠢᠯᠡᠷᠡᠭᠦᠯᠵᠦ᠂ ᠴᠠᠭᠠᠰᠤᠨ ᠳᠡᠭᠡᠷ᠎ᠡ ᠬᠤᠪᠢ ᠲᠡᠮᠳᠡᠭ᠌ᠯᠡᠨ ᠬᠤᠪᠢ ᠮᠡᠳᠡᠭᠦᠯᠬᠦ᠌ ᠵᠢ ᠦᠭᠡᠷᠡᠴᠢᠯᠡᠵᠦ᠂ ᠬᠢᠨᠠᠭ᠍ᠴᠢ ᠶ᠋ᠢᠨ ᠠᠵᠢᠯ᠎ᠤᠨ ᠦᠷ᠎ᠡ ᠪᠦᠲᠦᠮᠵᠢ ᠪᠠ ᠣᠨᠣᠪᠴᠢ ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠦᠭ᠌ᠰᠡᠨ ᠪᠥᠭᠡᠳ ᠲᠠᠮᠢᠷᠴᠢᠳ᠎ᠤᠨ ᠲᠦᠪᠱᠢᠨ᠎ᠢ ᠴᠦ᠍ ᠭᠦᠢᠴᠡᠳ ᠪᠠᠳᠠᠷᠠᠭᠤᠯᠵᠠᠶ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃