2023-08-07 14:53:05
8 ᠰᠠᠷ᠎ᠠ᠎ᠶ᠋ᠢᠨ 5᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠂ ᠵᠢᠷᠭᠤᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠵᠢᠨ ᠬᠢᠶ᠎ᠠ ᠪᠠᠭ᠍ᠰᠢ ᠲᠣᠭᠣᠷᠢᠭ ᠲᠠᠬᠢ ᠲᠠᠮᠵᠢᠭᠤᠯᠬᠤ ᠠᠵᠢᠯᠯᠠᠭ᠎ᠠ ᠤᠯᠠᠭᠠᠨᠮᠦ᠋ᠷᠡᠨ ᠨᠠᠭᠤᠷ ᠲᠣᠭᠣᠷᠢᠭ᠎ᠤᠨ ᠠᠭᠤᠳᠠᠮ ᠲᠠᠯᠠᠪᠠᠢ᠎ᠳᠤ ᠶᠠᠪᠤᠭ᠍ᠳᠠᠪᠠ᠃
ᠦᠳᠡ᠎ᠶ᠋ᠢᠨ ᠡᠮᠦᠨᠡᠬᠢ 9 ᠴᠠᠭ᠎ᠲᠤ ᠭᠠᠯ ᠪᠠᠮᠪᠠᠷ ᠳᠠᠮᠵᠢᠭᠤᠯᠬᠤ ᠶᠣᠰᠣᠯᠠᠯ ᠵᠢᠩᠬᠢᠨᠢ᠎ᠪᠡᠷ ᠡᠬᠢᠯᠡᠵᠡᠢ᠃ ᠭᠠᠯ ᠪᠠᠮᠪᠠᠷ ᠳᠠᠮᠵᠢᠭᠤᠯᠬᠤ ᠲᠤᠬᠠᠶ᠎ᠶ᠋ᠢᠨ ᠲᠠᠯᠠᠪᠠᠶ᠎ᠳᠤ᠂ 5 ᠺᠢᠯᠣᠮᠧᠲ᠋ᠷ ᠱᠢᠬᠠᠮ᠎ᠤᠨ ᠵᠠᠮ ᠱᠤᠭᠤᠮ ᠳᠡᠭᠡᠷ᠎ᠡ᠂ ᠡᠯ᠎ᠡ ᠠᠵᠢᠯ ᠲᠥᠷᠥᠯ᠎ᠡᠴᠡ ᠢᠷᠡᠭ᠌ᠰᠡᠨ 21 ᠭᠠᠯ ᠪᠠᠮᠪᠠᠷᠴᠢᠨ ᠯᠠᠪᠳᠠᠭᠤᠨ ᠪᠠᠲᠤᠲᠠᠶ ᠠᠯᠬᠤᠵᠤ᠂ ᠴᠣᠭ ᠵᠢᠪᠬᠤᠭ᠎ᠠ ᠪᠠᠳᠠᠷᠠᠩᠭᠤᠶ᠎ᠪᠠᠷ ᠠᠮᠢ ᠠᠮᠢᠵᠢᠷᠠᠯ ᠪᠢᠯᠬᠠᠭ᠍ᠰᠠᠨ ᠣᠲᠣ ᠦᠶ᠎ᠡ᠎ᠶ᠋ᠢᠨ ᠱᠢᠨ᠎ᠡ ᠬᠣᠲᠠ᠎ᠪᠠᠷ ᠭᠠᠯ ᠪᠠᠮᠪᠠᠷ ᠲᠠᠮᠵᠢᠭᠤᠯᠵᠤ᠂ ᠲᠡᠮᠡᠴᠡᠯ ᠴᠢᠷᠮᠠᠢᠯᠭ᠎ᠠ ᠪᠠ ᠬᠦᠰᠡᠯ ᠵᠡᠭᠦᠳᠦ᠍ ᠵᠢ ᠳᠠᠮᠵᠢᠭᠤᠯᠵᠤ᠂ ᠣᠶᠤᠨ ᠰᠠᠨᠠᠭ᠎ᠠ ᠪᠠ ᠬᠦᠴᠦᠨ ᠴᠢᠳᠠᠯ᠎ᠢ ᠳᠠᠮᠵᠢᠭᠤᠯᠪᠠ᠃
7 ᠰᠠᠷ᠎ᠠ᠎ᠶ᠋ᠢᠨ ᠡᠬᠢ᠎ᠪᠡᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠂ ᠵᠢᠷᠭᠤᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ 《ᠹᠠᠩ ᠬᠤᠸᠠ》 ᠵᠢ ᠣᠷᠳᠣᠰ ᠬᠣᠲᠠ᠎ᠶ᠋ᠢᠨ ᠣᠲᠣᠭ᠎ᠤᠨ ᠡᠮᠦᠨᠡᠲᠦ ᠬᠣᠱᠢᠭᠤᠨ᠎ᠤ ᠪᠤᠷᠤᠪᠠᠯᠭᠠᠰᠤ ᠪᠠᠯᠭᠠᠰᠤᠨ᠎ᠳᠤ ᠠᠮᠵᠢᠯᠲᠠ᠎ᠲᠠᠶ ᠬᠦᠯᠢᠶᠡᠨ ᠠᠪᠤᠪᠠ᠃ ᠨᠢᠭᠡ ᠰᠠᠷ᠎ᠠ᠎ᠶ᠋ᠢᠨ ᠬᠤᠭᠤᠴᠠᠭᠠᠨ᠎ᠳᠤ 《ᠹᠠᠩ ᠬᠤᠸᠠ》 ᠳᠠᠬᠢᠨᠲᠠ ᠣᠷᠳᠣᠰ ᠬᠣᠲᠠ᠎ᠳᠤ ᠪᠤᠴᠠᠨ ᠢᠷᠡᠵᠦ᠂ ᠣᠷᠳᠣᠰ ᠬᠣᠲᠠ᠎ᠶ᠋ᠢᠨ ᠡᠯ᠎ᠡ ᠬᠣᠱᠢᠭᠤ ᠲᠣᠭᠣᠷᠢᠭ᠎ᠲᠤ ᠳᠠᠮᠵᠢᠭᠤᠯᠤᠭ᠍ᠳᠠᠵᠤ᠂ 8 ᠰᠠᠷ᠎ᠠ᠎ᠶ᠋ᠢᠨ 8 ᠤ ᠣᠷᠣᠶ ᠡᠬᠢᠯᠡᠯᠲᠡ᠎ᠶ᠋ᠢᠨ ᠶᠣᠰᠣᠯᠠᠯ᠎ᠤᠨ ᠭᠤᠤᠯ ᠬᠤᠷᠠᠯ᠎ᠤᠨ ᠲᠠᠯᠠᠪᠠᠶ᠎ᠳᠤ ᠬᠦᠷᠭᠡᠭᠳᠡᠵᠦ᠍ ᠭᠤᠤᠯ ᠭᠠᠯ ᠪᠠᠮᠪᠠᠷ᠎ᠤᠨ ᠰᠤᠪᠤᠷᠭ᠎ᠠ᠎ᠶ᠋ᠢ ᠠᠰᠠᠭᠠᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃