ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-08-07 14:56:11

ᠵᠣᠬᠢᠶᠠᠭ᠍ᠴᠢ᠄ ​ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 5 ᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ 《ᠮᠠᠨ ᠱ᠌ᠢ ᠬᠤᠨᠳᠠᠭᠠᠲᠤ》 ᠲᠣᠣᠷ ᠪᠥᠮᠪᠥᠭᠡ ᠎ᠶ᠋ᠢᠨ ᠲᠦᠷᠦᠯ ᠵᠦᠢᠯ᠎ᠦᠨ ᠤᠷᠤᠯᠳᠤᠭᠠᠨ ᠤᠷᠳᠤᠰ ᠬᠤᠳᠠ ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠲᠣᠣᠷ ᠪᠥᠮᠪᠥᠭᠡ ᠎ᠶ᠋ᠢᠨ ᠣᠷᠳᠣᠨ ᠎ᠳᠤ ᠡᠬᠢᠯᠡᠪᠡ᠃

ᠤᠷᠤᠯᠳᠤᠭᠠᠨ᠎ᠢ ᠡᠷᠡᠭ᠌ᠲᠡᠶ ᠡᠮᠡᠭ᠌ᠲᠡᠶ ᠵᠢᠨ ᠬᠥᠬᠡ ᠳᠤᠭᠤᠢᠯᠠᠩ᠂ ᠬᠥᠬᠡᠭ᠌ᠴᠢᠨ ᠳᠤᠭᠤᠢᠯᠠᠩ ᠪᠠ ᠤᠯᠠᠭᠠᠨ ᠳᠤᠭᠤᠢᠯᠠᠩ ᠭᠡᠵᠦ᠍ ᠬᠤᠪᠢᠶᠠᠨ᠂ ᠨᠡᠢ᠌ᠲᠡ 21 ᠤᠷᠤᠯᠳᠤᠭᠠᠨ᠎ᠤ ᠵᠦᠢᠯ ᠲᠤᠬᠢᠷᠠᠭᠤᠯᠵᠤ᠂ ᠲᠠᠩᠭᠠᠷ ᠴᠣᠬᠢᠬᠤ᠂ ᠬᠣᠣᠰᠯᠠᠨ ᠴᠣᠬᠢᠬᠤ᠂ ᠡᠷᠡᠭᠲᠡᠢ ᠡᠮᠡᠭᠲᠡᠢ ᠬᠣᠣᠰᠯᠠᠨ ᠴᠣᠬᠢᠬᠤ ᠪᠠ ᠪᠥᠯᠬᠥᠮ ᠨᠢᠬᠡᠴᠨ᠎ᠶ᠋ᠢᠨ ᠤᠷᠤᠯᠳᠤᠭᠠᠨ ᠶᠠᠪᠤᠭᠳᠠᠭᠤᠯᠵᠤ᠂ ᠳᠠᠩ ᠲᠦᠷᠦᠯ᠎ᠦᠨ ᠤᠷᠤᠯᠳᠤᠭᠠᠨ᠎ᠳᠤ ᠰᠢᠭᠰᠢᠭᠡ ᠤᠷᠤᠯᠳᠤᠭᠠᠨ᠎ᠤ ᠳᠦᠷᠢᠮ᠎ᠢ ᠬᠡᠷᠡᠭ᠌ᠯᠡᠵᠦ᠍᠂ ᠪᠥᠯᠬᠥᠮ ᠨᠢᠬᠡᠴᠨ᠎ᠶ᠋ᠢᠨ ᠤᠷᠤᠯᠳᠤᠭᠠᠨ᠎ᠳᠤ ᠭᠤᠷᠪᠠᠨ ᠲᠠᠯᠠᠪᠤᠷ ᠤᠷᠤᠯᠳᠤᠭᠠᠨ᠎ᠤ ᠬᠣᠶᠠᠷ ᠲᠸ᠋ ᠢᠯᠠᠬᠤ ᠳᠦᠷᠢᠮ᠎ᠢ ᠬᠡᠷᠡᠭᠯᠡᠪᠡ᠃ ᠪᠦᠬᠦ᠌ ᠣᠷᠣᠨ᠎ᠤ ᠡᠯ᠎ᠡ ᠠᠢᠮᠠᠭ ᠬᠣᠲᠠ᠎ᠠᠴᠠ ᠢᠷᠡᠭ᠌ᠰᠡᠨ 12 ᠠᠩᠭᠢ ᠵᠢᠨ 240 ᠭᠠᠷᠤᠶ ᠵᠠᠯᠠᠭᠤ ᠲᠤᠤᠷ ᠪᠦᠮᠪᠦᠭᠡᠨ ᠲᠠᠮᠢᠷᠴᠢᠨ 11 ᠡᠳᠦᠷ᠎ᠦᠨ ᠬᠤᠭᠤᠴᠠᠭ᠎ᠠ ᠲᠠᠢ ᠪᠡᠷ ᠤᠷᠤᠯᠳᠤᠭᠠᠨ᠎ᠳᠤ ᠦᠷᠢᠰᠦᠯᠳᠦᠬᠦ ᠪᠣᠯᠤᠨ᠎ᠠ᠃ ᠤᠷᠤᠯᠳᠤᠭᠠᠨ᠎ᠤ ᠠᠩᠬᠠᠨ᠎ᠤ ᠡᠳᠦᠷ ᠡᠯ᠎ᠡ ᠳᠤᠭᠤᠢᠯᠠᠩ ᠪᠦᠯᠦᠭ᠎ᠦᠨ ᠪᠥᠯᠬᠥᠮ ᠨᠢᠬᠡᠴᠨ᠎ᠶ᠋ᠢᠨ ᠤᠷᠤᠯᠳᠤᠭᠠᠨ᠎ᠤ ᠨᠢᠭᠡᠳᠦᠭᠡᠷ ᠱᠠᠲᠤᠨ᠎ᠤ ᠤᠷᠤᠯᠳᠤᠭᠠᠨ᠎ᠢ᠋ ᠶᠠᠪᠤᠭᠳᠠᠭᠤᠯᠵᠤ᠂ 4 ᠤᠷᠤᠯᠳᠤᠭᠠᠨ᠎ᠤ ᠲᠠᠯᠠᠪᠤᠷ᠎ᠲᠤ ᠵᠡᠷᠭᠡ᠎ᠪᠡᠷ ᠬᠤᠷᠴᠠ ᠱᠢᠷᠦᠭᠦᠨ ᠤᠷᠤᠯᠳᠤᠭᠠᠨ ᠶᠠᠪᠤᠭᠤᠯᠪᠠ᠃

ᠥᠪᠡᠷᠲᠡᠭᠡᠨ ᠵᠠᠰᠠᠬᠤ ᠣᠷᠣᠨ ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠲᠣᠣᠷ ᠪᠥᠮᠪᠥᠭᠡ᠎ᠶ᠋ᠢᠨ ᠲᠥᠷᠥᠯ ᠵᠦᠢᠯ᠎ᠦᠨ ᠬᠢᠨᠠᠭ᠍ᠴᠢᠳ᠎ᠤᠨ ᠳᠠᠷᠤᠭ᠎ᠠ ᠸᠠᠩ ᠷᠦᠢ᠄《ᠲᠣᠣᠷ ᠪᠥᠮᠪᠥᠭᠡ᠎ᠶ᠋ᠢᠨ ᠲᠥᠷᠥᠯ ᠵᠦᠢᠯ᠎ᠦᠨ ᠤᠷᠤᠯᠳᠤᠭᠠᠨ᠎ᠳᠤ ᠣᠷᠣᠯᠴᠠᠭ᠍ᠰᠠᠳ᠎ᠤᠨ ᠣᠯᠠᠩᠬᠢ ᠨᠢ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠺᠯᠦᠪ᠎ᠡᠴᠡ ᠢᠷᠡᠵᠡᠢ᠃ ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠲᠤᠤᠷ ᠪᠥᠮᠪᠥᠭᠡ ᠎ᠶ᠋ᠢᠨ ᠲᠥᠷᠥᠯ ᠵᠦᠶ᠋ᠯ᠎ᠦᠨ ᠤᠷᠤᠯᠳᠤᠭᠠᠨ᠎ᠳᠤ ᠤᠷᠤᠯᠴᠠᠭᠰᠠᠨ ᠬᠥᠮᠦᠨ᠎ᠦ ᠲᠣᠭ᠎ᠠ ᠨᠡᠮᠡᠭᠳᠡᠵᠥ᠍᠂ ᠥᠩᠭᠡᠷᠡᠭ᠌ᠰᠡᠨ ᠵᠢᠯ᠎ᠦᠳ᠎ᠲᠦ ᠠᠩᠭᠢ ᠲᠣᠮᠢᠯᠠᠨ ᠤᠷᠤᠯᠳᠤᠭᠠᠨ᠎ᠳᠤ ᠣᠷᠣᠯᠴᠠᠭᠤᠯᠤᠭ᠍ᠰᠠᠨ ᠥᠬᠡᠶ ᠠᠢᠮᠠᠭ ᠬᠣᠲᠠ ᠲᠣᠰ ᠬᠤᠭᠤᠴᠠᠭᠠᠨ᠎ᠤ ᠤᠷᠤᠯᠳᠤᠭᠠᠨ᠎ᠳᠤ ᠤᠷᠤᠯᠴᠠᠪᠠ᠂ ᠡᠨᠡ ᠨᠢ ᠲᠤᠤᠷ ᠪᠥᠮᠪᠥᠭᠡ ᠎ᠶ᠋ᠢᠨ ᠲᠥᠷᠥᠯ ᠵᠦᠶ᠋ᠯ᠎ᠢ ᠥᠪᠡᠷᠲᠡᠭᠡᠨ ᠵᠠᠰᠠᠬᠤ ᠣᠷᠣᠨ᠎ᠳᠤ ᠥᠷᠭᠡᠨ᠎ᠢᠶᠡᠷ ᠳᠡᠯᠭᠡᠷᠡᠭᠦᠯᠵᠦ᠍ ᠪᠠᠢᠬᠤ ᠵᠢ ᠬᠠᠷᠠᠭᠤᠯᠵᠤ ᠪᠠᠢᠨ᠎ᠠ᠃ ᠡᠭᠦᠨ᠎ᠡᠴᠡ ᠭᠠᠳᠠᠨ᠎ᠠ᠂ ᠲᠤᠰ ᠤᠳᠠᠭᠠᠨ ᠎ᠤ ᠤᠷᠤᠯᠳᠤᠭᠠᠨ᠎ᠳᠤ ᠲᠣᠣᠷ ᠪᠥᠮᠪᠥᠭᠡ᠎ᠶ᠋ᠢᠨ ᠤᠶᠤᠨᠲᠤ ᠦᠢᠯᠡᠴᠢᠯᠡᠭᠡᠨ᠎ᠦ ᠱᠢᠰᠲ᠋ᠧᠮ᠎ᠢ ᠬᠡᠷᠡᠭ᠌ᠯᠡᠨ ᠡᠯᠧᠺᠲᠷᠣᠨ ᠵᠢᠡᠷ ᠬᠤᠪᠢ ᠲᠡᠮᠳᠡᠭ᠌ᠯᠡᠵᠦ᠍᠂ ᠤᠷᠤᠯᠳᠤᠭᠠᠨ ᠎ᠤ ᠲᠠᠯᠠᠪᠤᠷ᠎ᠲᠤ ᠬᠡᠳᠦᠢᠪᠡᠷ ᠦᠵᠡᠭ᠌ᠴᠢᠳ᠎ᠦᠨ ᠰᠠᠭᠤᠳᠠᠯ ᠲᠣᠬᠢᠷᠠᠭᠤᠯᠤᠭ᠍ᠰᠠᠨ ᠦᠭᠡᠢ ᠪᠣᠯᠪᠠᠴᠤ᠌ ᠤᠷᠤᠯᠳᠤᠭᠠᠨ᠎ᠳᠤ ᠣᠷᠣᠯᠴᠠᠭ᠍ᠰᠠᠨ ᠲᠠᠮᠢᠷᠴᠢᠳ᠎ᠤᠨ ᠭᠡᠷ ᠎ᠦᠨ ᠠᠬᠠᠮᠠᠳ ᠵᠡᠷᠭᠡ ᠨᠢ ᠮᠠᠨ ᠎ᠤ ᠠᠷᠤ ᠵᠢᠨ ᠲᠠᠪᠴᠠᠩ᠎ᠤᠨ ᠵᠢᠵᠢᠭ ᠫᠷᠤᠭ᠌ᠷᠠᠮ ᠎ᠢᠶᠠᠷ ᠳᠠᠮᠵᠢᠨ ᠤᠷᠤᠯᠳᠤᠭᠠᠨ᠎ᠤ ᠪᠠᠢᠳᠠᠯ ᠎ᠢ ᠴᠠᠭ ᠲᠤᠬᠠᠶ ᠎ᠳᠤᠨᠢ ᠠᠩᠬᠠᠷᠴᠤ᠌ ᠪᠣᠯᠤᠨ᠎ᠠ》 ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面