ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-07-28 09:30:50

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

7 ᠰᠠᠷ᠎ᠠ᠎ᠶᠢᠨ 26 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠲᠠᠢᠺᠢᠨᠳᠤᠤ ᠢ᠋ᠢᠨ ᠲᠦᠷᠦᠯ ᠵᠦᠢᠯ᠎ᠦᠨ ᠤᠷᠤᠯᠳᠤᠭᠠᠨ ᠪᠣᠯᠣᠨ ᠥᠳᠥᠨ ᠪᠥᠮᠪᠥᠭᠡ᠎ᠶᠢᠨ ᠲᠦᠷᠦᠯ ᠵᠦᠢᠯ᠎ᠦᠨ ᠤᠷᠤᠯᠳᠤᠭᠠᠨ ᠥᠨᠳᠥᠷᠯᠡᠪᠡ᠃

ᠲᠠᠢᠺᠢᠨᠳᠤᠤ ᠢ᠋ᠢᠨ ᠲᠦᠷᠦᠯ ᠵᠦᠢᠯ ᠨᠢ ᠣᠷᠳᠣᠰ ᠬᠤᠳᠠ᠎ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠶᠡᠷᠦᠩᠬᠡᠢᠯᠡᠭᠰᠡᠨ ᠲᠠᠮᠢᠷ᠎ᠤᠨ ᠣᠷᠳᠣᠨ᠎ᠳᠤ ᠶᠠᠪᠤᠭᠳᠠᠪᠠ᠃ ᠲᠤᠰ ᠤᠳᠠᠭ᠎ᠠ᠎ᠶᠢᠨ ᠤᠷᠤᠯᠳᠤᠭᠠᠨ ᠨᠢ ᠲᠠᠢᠺᠢᠨᠳᠤᠤ (ᠦᠷᠢᠰᠦᠯᠲᠦᠭᠡᠨ)᠂ ᠪᠤᠯᠪᠠᠰᠤᠷᠠᠯ᠎ᠤᠨ ᠰᠢᠰᠲᠸᠮ᠎ᠤᠨ ᠤᠷᠤᠯᠳᠤᠭᠠᠨ ᠪᠠᠢᠵᠦ᠂ ᠪᠦᠬᠦ ᠣᠷᠣᠨ᠎ᠤ 12 ᠲᠥᠯᠥᠭᠡᠯᠡᠭᠴᠢᠳ᠎ᠦᠨ ᠠᠩᠭᠢ᠎ᠶᠢᠨ 501 ᠲᠠᠮᠢᠷᠴᠢᠨ᠂ ᠳᠠᠰᠬᠠᠯᠵᠢᠭᠤᠯᠤᠭ᠍ᠴᠢ᠂ ᠳᠠᠭᠠᠭᠤᠯᠤᠭ᠍ᠴᠢ ᠤᠷᠤᠯᠳᠤᠭᠠᠨ᠎ᠳᠤ ᠣᠷᠣᠯᠴᠠᠵᠤ᠂ U20 — 19᠂ ᠬᠥᠬᠡ᠂ ᠬᠥᠬᠡᠭᠴᠢᠨ᠂ ᠤᠯᠠᠭᠠᠨ ᠵᠡᠷᠭᠡ 4 ᠳᠤᠭᠤᠢᠯᠠᠩ᠎ᠤᠨ 58 ᠪᠠᠭ᠎ᠠ ᠤᠷᠤᠯᠳᠤᠭᠠᠨ᠎ᠤ ᠲᠦᠷᠦᠯ᠎ᠢ ᠲᠣᠬᠢᠷᠠᠭᠤᠯᠵᠠᠢ᠂ ᠡᠭᠦᠨ᠎ᠳᠦ᠎ᠪᠤᠯᠪᠠᠰᠤᠷᠠᠯ᠎ᠤᠨ ᠰᠢᠰᠲᠸᠮ᠎ᠤᠨ 10 ᠪᠠᠭ᠎ᠠ ᠤᠷᠤᠯᠳᠤᠭᠠᠨ᠎ᠤ ᠲᠦᠷᠦᠯ᠂ ᠦᠷᠢᠰᠦᠯᠲᠦᠭᠡᠨ᠎ᠤ 48 ᠪᠠᠭ᠎ᠠ ᠤᠷᠤᠯᠳᠤᠭᠠᠨ᠎ᠤ ᠲᠦᠷᠦᠯ᠎ᠢ ᠲᠣᠬᠢᠷᠠᠭᠤᠯᠪᠠ᠃

ᠲᠠᠢᠺᠢᠨᠳᠤᠤ (ᠦᠷᠢᠰᠦᠯᠲᠦᠭᠡᠨ) ᠪᠣᠯ ᠣᠳᠣ᠌ ᠦᠶ᠎ᠡ ᠶ᠋ᠢᠨ ᠣᠯᠢᠮᠫᠢᠺ᠎ᠦᠨ ᠲᠠᠮᠢᠷ᠎ᠤᠨ ᠴᠤᠭᠯᠠᠭᠠᠨ᠎ᠤ ᠵᠢᠩᠬᠢᠨᠢ ᠤᠷᠤᠯᠳᠤᠭᠠᠨ᠎ᠤ ᠲᠦᠷᠦᠯ᠎ᠦᠨ ᠨᠢᠭᠡ ᠪᠠᠢᠵᠦ᠂ ᠭᠣᠣᠯᠳᠠᠭᠤ ᠭᠠᠷ ᠪᠠ ᠬᠥᠯ ᠢ᠋ᠶ᠋ᠡᠷ ᠢ᠋ᠶ᠋ᠡᠨ ᠨᠣᠴᠣᠯᠳᠤᠬᠤ ᠪᠤᠶᠤ ᠡᠰᠡᠷᠭᠦᠴᠡᠯᠳᠦᠬᠦ ᠨᠢᠭᠡ ᠵᠦᠢᠯ᠎ᠦᠨ ᠲᠠᠮᠢᠷ᠎ᠤᠨ ᠬᠦᠳᠡᠯᠭᠡᠭᠡᠨ ᠪᠣᠯᠣᠨ᠎ᠠ᠃ ᠲᠠᠢᠺᠢᠨᠳᠤᠤ (ᠪᠤᠯᠪᠠᠰᠤᠷᠠᠯ᠎ᠤᠨ ᠰᠢᠰᠲᠸᠮ) ᠪᠣᠯ ᠦᠨᠳᠦᠰᠦᠨ ᠬᠥᠳᠡᠯᠦᠯ ᠢ᠋ᠶ᠋ᠡᠷ ᠢ᠋ᠶ᠋ᠡᠨ ᠬᠣᠷᠢᠭ᠍ᠯᠠᠯᠲᠠ ᠪᠠ ᠳᠠᠭᠠᠷᠢᠯᠲᠠ ᠶ᠋ᠢ ᠠᠷᠭ᠎ᠠ ᠮᠡᠭᠡ ᠪᠣᠯᠭᠠᠨ ᠪᠣᠯᠪᠠᠰᠤᠷᠠᠳᠠᠭ ᠪᠣᠯᠪᠠᠰᠤᠷᠠᠯ᠎ᠤᠨ ᠰᠢᠰᠲᠧᠮ ᠪᠠᠢᠵᠦ᠂ ᠲᠤᠢᠯ᠎ᠤᠨ ᠰᠣᠨᠢᠷᠬᠠᠯᠲᠦ ᠴᠢᠨᠠᠷ ᠲᠠᠢ ᠪᠠᠢᠳᠠᠬ᠃

ᠤᠷᠤᠯᠳᠤᠭᠠᠨ᠎ᠤ ᠬᠤᠭᠤᠴᠠᠭᠠᠨ᠎ᠳᠤ᠂ ᠤᠷᠤᠯᠳᠤᠭᠠᠨ᠎ᠳᠤ ᠣᠷᠣᠯᠴᠠᠭᠰᠠᠨ ᠲᠠᠮᠢᠷᠴᠢᠳ ᠰᠦᠷ ᠵᠢᠪᠬᠤᠭ᠎ᠠ᠎ᠪᠠᠨ ᠪᠠᠳᠠᠷᠠᠭᠤᠯᠤᠨ᠂ 5 ᠡᠳᠦᠷ᠎ᠦᠨ ᠰᠢᠷᠦᠭᠦᠨ ᠦᠷᠢᠰᠦᠯᠲᠦᠭᠡᠨ᠎ᠢᠶᠠᠷ ᠳᠠᠮᠵᠢᠨ ᠨᠡᠶ᠋ᠢᠲᠡ 58 ᠠᠯᠲᠠᠨ ᠮᠧᠳᠠᠯ᠎ᠢ ᠰᠢᠯᠭᠠᠷᠠᠭᠤᠯᠵᠠᠢ᠂ ᠡᠭᠦᠨ᠎ᠳᠦ ᠬᠥᠬᠡᠬᠣᠲᠠ᠎ᠶᠢᠨ ᠲᠥᠯᠥᠭᠡᠯᠡᠭᠴᠢᠳ᠎ᠦᠨ ᠠᠩᠭᠢ 21 ᠠᠯᠲᠠᠨ ᠮᠧᠳᠠᠯ᠎ᠢᠶᠠᠷ ᠨᠢᠭᠡᠳᠦᠭᠡᠷ᠎ᠲᠦ ᠣᠷᠣᠵᠤ᠂ ᠣᠷᠳᠣᠰ ᠬᠣᠲᠠ᠎ᠶᠢᠨ ᠲᠥᠯᠥᠭᠡᠯᠡᠭᠴᠢᠳ᠎ᠦᠨ ᠠᠩᠭᠢ 15 ᠠᠯᠲᠠᠨ ᠮᠧᠳᠠᠯ᠎ᠢᠶᠠᠷ ᠬᠣᠶᠠᠳᠤᠭᠠᠷ᠎ᠲᠤ ᠣᠷᠣᠵᠤ᠂ ᠤᠯᠠᠭᠠᠨᠬᠠᠳᠠ ᠬᠣᠲᠠ᠎ᠶᠢᠨ ᠲᠥᠯᠥᠭᠡᠯᠡᠭᠴᠢᠳ᠎ᠦᠨ ᠠᠩᠭᠢ 6 ᠠᠯᠲᠠᠨ ᠮᠧᠳᠠᠯ᠎ᠢᠶᠠᠷ ᠭᠤᠷᠪᠠᠳᠤᠭᠠᠷ᠎ᠲᠤ ᠣᠷᠣᠵᠠᠢ᠃

ᠦᠳᠦᠨ ᠪᠥᠮᠪᠥᠭᠡ᠎ᠶᠢᠨ ᠲᠦᠷᠦᠯ ᠵᠦᠢᠯ᠎ᠦᠨ ᠤᠷᠤᠯᠳᠤᠭᠠᠨ ᠣᠷᠳᠣᠰ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠳᠡᠭᠡᠳᠦ ᠰᠤᠷᠭᠠᠭᠤᠯᠢ᠎ᠳᠤ ᠶᠠᠪᠤᠭᠳᠠᠵᠤ᠂ ᠪᠦᠬᠦ ᠣᠷᠣᠨ᠎ᠤ ᠡᠯ᠎ᠡ ᠠᠢᠮᠠᠭ ᠬᠤᠳᠠ᠎ᠶᠢᠨ 9 ᠲᠥᠯᠥᠭᠡᠯᠡᠭᠴᠢᠳ᠎ᠦᠨ ᠠᠩᠭᠢ᠎ᠶᠢᠨ 170 ᠰᠢᠬᠠᠮ ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠃

7 ᠡᠳᠦᠷ᠎ᠦᠨ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ ᠬᠥᠬᠡ ᠬᠥᠬᠡᠭᠴᠢᠨ ᠬᠣᠶᠠᠷ ᠳᠤᠭᠤᠢᠯᠠᠩ ᠡᠴᠡ 14 ᠲᠠᠩ ᠲᠦᠷᠦᠯ᠎ᠦᠨ ᠤᠷᠤᠯᠳᠤᠭᠠᠨ᠎ᠤ ᠮᠠᠩᠯᠠᠢ ᠰᠢᠯᠭᠠᠷᠠᠵᠠᠢ᠃ ᠣᠢᠷ᠎ᠠ᠎ᠶᠢᠨ ᠵᠢᠯ᠎ᠦᠳ᠎ᠲᠦ᠂ ᠥᠳᠥᠨ ᠪᠥᠮᠪᠥᠭᠡ ᠵᠢᠨ ᠬᠦᠳᠡᠯᠬᠡᠬᠡᠨ ᠨᠢ ᠣᠷᠣᠯᠴᠠᠬᠤ ᠬᠥᠮᠥᠨ᠎ᠦ ᠲᠣᠭ᠎ᠠ ᠣᠯᠠᠨ᠂ ᠬᠥᠳᠡᠯᠭᠡᠭᠡᠨ᠎ᠦ ᠲᠠᠯᠠᠪᠤᠷ ᠣᠯᠠᠨ᠂ ᠤᠷᠤᠯᠳᠤᠭᠠᠨ᠎ᠤ ᠲᠥᠷᠥᠯ ᠵᠦᠢᠯ ᠣᠯᠠᠨ ᠪᠠᠢᠳᠠᠭ᠎ᠢᠶᠠᠷ᠎ᠢᠶᠠᠨ ᠮᠠᠰᠢ ᠣᠯᠠᠨ ᠵᠠᠯᠠᠭᠤᠴᠤᠳ ᠪᠠᠭᠠᠴᠤᠳ᠎ᠢ ᠲᠡᠳᠡᠨ ᠣᠷᠣᠯᠴᠠᠭᠤᠯᠵᠤ᠂ ᠲᠣᠰ ᠬᠤᠭᠤᠴᠠᠭᠠᠨ᠎ᠤ ᠲᠠᠮᠢᠷ᠎ᠤᠨ ᠴᠤᠭᠯᠠᠭᠠᠨ ᠨᠢ ᠨᠠᠩ ᠴᠤ᠌ ᠤᠷᠤᠯᠳᠤᠭᠠᠨ᠎ᠳᠤ ᠣᠷᠣᠯᠴᠠᠭᠰᠠᠳ᠎ᠲᠤ ᠬᠠᠷᠢᠯᠴᠠᠨ ᠰᠣᠯᠢᠯᠴᠠᠵᠤ ᠰᠤᠷᠤᠯᠴᠠᠬᠤ ᠲᠠᠪᠴᠠᠩ ᠴᠤᠬᠴᠠᠯᠠᠨ ᠥᠭᠴᠦ᠂ ᠥᠳᠥᠨ ᠪᠥᠮᠪᠥᠭᠡ᠎ᠶᠢᠨ ᠬᠥᠳᠡᠯᠭᠡᠭᠡᠨ᠎ᠢ ᠤᠬᠠᠭᠤᠯᠤᠨ ᠲᠦᠭᠡᠮᠡᠯᠵᠢᠭᠦᠯᠬᠦ ᠬᠡᠮᠵᠢᠶ᠎ᠡ᠎ᠶᠢ ᠥᠷᠭᠡᠳᠬᠡᠨ᠂ ᠮᠠᠨ᠎ᠤ ᠣᠷᠣᠨ᠎ᠤ ᠪᠥᠮᠪᠥᠭᠡ᠎ᠶᠢᠨ ᠲᠥᠷᠥᠯ᠎ᠦᠨ ᠲᠥᠷᠥᠯ ᠵᠦᠢᠯ᠎ᠦᠨ ᠪᠡᠯᠡᠳᠬᠡᠯ ᠴᠢᠳᠠᠪᠤᠷᠢᠲᠠᠨ᠎ᠤ ᠬᠥᠭᠵᠢᠯᠲᠡ᠎ᠶᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面