ᠰᠣᠶᠣᠯ ᠤᠷᠠᠯᠢᠭ > ᠠᠷᠪᠠᠨ ᠲᠠᠪᠤᠳᠤᠭᠠᠷ ᠬᠤᠭᠤᠴᠠᠭᠠᠨ᠎ᠤ᠋ ᠲᠠᠮᠢᠷ᠎ᠤ᠋ᠨ ᠴᠤᠭᠯᠠᠭᠠᠨ

2023-07-27 16:53:36

ᠵᠣᠬᠢᠶᠠᠭ᠍ᠴᠢ᠄ ᠸᠠᠩ ᠢᠦᠶ ᠵᠦᠸᠸ ᠣᠩᠱᠢᠭ᠍ᠰᠠᠨ ᠣᠳᠠᠭ᠎ᠠ᠄ 3

ᠪᠥᠬᠥ᠌ ᠣᠷᠣᠨ ᠎ᠤ ᠦᠨᠳᠦᠰᠦᠲᠡᠨ᠎ᠨᠦᠭᠦᠳ ᠎ᠦᠨ ᠣᠯᠠᠨ ᠲᠦᠮᠡᠨ ᠎ᠤ ᠬᠦᠰᠡᠨ ᠬᠥᠯᠢᠶᠡᠭᠰᠡᠨ 4 ᠵᠢᠯ ᠎ᠳᠦ ᠨᠢᠭᠡ ᠤᠳᠠᠭ᠎ᠠ ᠶᠠᠪᠤᠭ᠍ᠳᠠᠬᠤ ᠲᠠᠮᠢᠷ ᠎ᠤᠨ ᠦᠪᠡᠳᠡᠭ᠌ᠰᠢ ᠴᠤᠭ᠍ᠯᠠᠭᠠᠨ — ᠦᠪᠡᠷᠲᠡᠭᠡᠨ ᠵᠠᠰᠠᠬᠤ ᠤᠷᠤᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ ᠤᠳᠠᠯ ᠦᠭᠡᠢ ᠡᠬᠢᠯᠡᠬᠦ᠌ ᠪᠡᠷ ᠪᠤᠢ᠃

ᠣᠷᠳᠣᠰ ᠬᠣᠲᠠ ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ ᠎ᠢ ᠳᠠᠭᠠᠭᠠᠴᠢᠯᠠᠨ ᠡᠷᠭᠢᠯᠡᠬᠦ᠌ ᠡᠷᠬᠡ ᠎ᠶ᠋ᠢ ᠣᠯᠤᠭ᠍ᠰᠠᠨ ᠎ᠠᠴᠠ ᠨᠠᠭᠠᠰᠢ᠂ 《ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ》 ᠴᠤᠬᠯᠠᠭᠠᠨ ᠡᠷᠭᠢᠯᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠢᠳᠡᠪᠬᠢᠲᠡᠶ ᠵᠣᠬᠢᠶᠠᠨ ᠪᠠᠢᠭᠤᠯᠤᠨ ᠪᠡᠯᠡᠳᠭᠡᠵᠦ᠍᠂ ᠣᠳᠣᠬᠠᠨ᠎ᠳᠤ ᠡᠯ᠎ᠡ ᠵᠦᠶ᠋ᠯ ᠎ᠦᠨ ᠪᠡᠯᠡᠳᠭᠡᠯ ᠠᠵᠢᠯ ᠎ᠢ ᠲᠥᠯᠥᠪᠯᠡᠭᠡ ᠶᠣᠰᠣᠭᠠᠷ ᠡᠮᠬᠢ ᠵᠢᠷᠤᠮ ᠎ᠲᠠᠶ ᠠᠬᠢᠭᠤᠯᠵᠤ ᠪᠤᠢ᠃

ᠣᠷᠳᠣᠰ ᠬᠣᠲᠠ ᠰᠤᠷᠭᠠᠨ ᠬᠥᠮᠦᠵᠢᠯ ᠪᠡᠶ᠎ᠡ ᠎ᠶ᠋ᠢᠨ ᠲᠠᠮᠢᠷ᠂ ᠳᠣᠲᠣᠭᠠᠳᠤ ᠎ᠶ᠋ᠢ ᠬᠠᠮᠠᠭᠠᠯᠠᠬᠤ᠂ ᠭᠠᠯ ᠰᠡᠷᠬᠡᠢᠯᠡᠵᠤ ᠭᠠᠯ ᠤᠨᠲᠠᠷᠠᠭᠠᠬᠤ ᠵᠡᠷᠭᠡ 11ᠰᠠᠯᠠᠭ᠎ᠠ ᠮᠥᠴᠢᠷ ᠎ᠢᠶᠡᠷ ᠪᠦᠷᠢᠯᠳᠦᠭ᠌ᠰᠡᠨ ᠤᠷᠤᠯᠳᠤᠭᠠᠨ ᠎ᠤ ᠶᠠᠪᠤᠳᠠᠯ ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠎ᠦ ᠪᠠᠲᠤᠯᠠᠭ᠎ᠠ ᠎ᠶ᠋ᠢᠨ ᠳᠤᠭᠤᠢᠯᠠᠩ ᠎ᠢ ᠪᠠᠢᠭᠤᠯᠵᠤ᠂ ᠳᠠᠩ ᠲᠦᠷᠦᠯ ᠎ᠦᠨ ᠤᠷᠤᠯᠳᠤᠭᠠᠨ ᠎ᠤ ᠵᠥᠪᠯᠡᠯ ᠎ᠢ ᠳᠡᠮᠵᠢᠨ ᠬᠠᠮᠵᠢᠯᠴᠠᠵᠤ᠂ ᠤᠷᠤᠯᠳᠤᠭᠠᠨ ᠎ᠤ ᠶᠠᠪᠤᠳᠠᠯ ᠎ᠤᠨ ᠠᠷᠤ ᠲᠠᠯ᠎ᠠ ᠎ᠶ᠋ᠢᠨ ᠪᠠᠲᠤᠯᠠᠭ᠎ᠠ ᠎ᠶ᠋ᠢ ᠪᠥᠬᠥ᠌ ᠲᠠᠯ᠎ᠠ ᠎ᠪᠠᠷ ᠰᠠᠢᠲᠤᠷ ᠬᠢᠪᠠ᠃ ᠣᠳᠣᠬᠠᠨ ᠎ᠳᠤ᠂ ᠨᠢᠭᠡᠳᠦᠯᠲᠡᠶ ᠬᠤᠳᠠᠯᠳᠤᠨ ᠠᠪᠤᠭᠰᠠᠨ ᠤᠷᠤᠯᠳᠤᠭᠠᠨ ᠎ᠤ ᠪᠠᠭᠠᠵᠢ ᠬᠡᠷᠡᠭ᠌ᠰᠡᠯ ᠎ᠢ ᠤᠭ᠍ᠰᠠᠷᠠᠨ ᠲᠤᠷᠱᠢᠵᠤ᠂ ᠱᠠᠩᠨᠠᠯ ᠎ᠤᠨ ᠮᠧᠳᠠᠯ᠂ ᠱᠠᠩᠨᠠᠯ ᠎ᠤᠨ ᠬᠤᠨᠳᠠᠭ᠎ᠠ᠂ ᠦᠨᠡᠮᠯᠡᠯ ᠎ᠢ ᠪᠦᠬᠦᠨ ᠎ᠢ ᠦᠶ᠋ᠯᠡᠳᠴᠦ᠍ ᠳᠠᠭᠤᠰᠭᠠᠭᠠᠳ᠂ ᠨᠢᠭᠡᠨᠲᠡ ᠡᠯ᠎ᠡ ᠤᠷᠤᠯᠳᠤᠭᠠᠨ᠎ᠤ ᠲᠣᠭᠣᠷᠢᠭ᠎ᠲᠤ ᠲᠠᠷᠬᠠᠭᠠᠪᠠ᠃ ᠣᠶᠤᠨᠴᠢ ᠎ᠪᠠᠷ ᠤᠷᠤᠯᠳᠤᠭᠠᠨ ᠡᠷᠭᠢᠯᠡᠬᠦ᠌᠂ ᠣᠶᠤᠨᠴᠢ ᠎ᠪᠠᠷ ᠤᠷᠤᠯᠳᠤᠭᠠᠨ ᠎ᠳᠤ ᠣᠷᠣᠯᠴᠠᠬᠤ᠂ ᠣᠶᠤᠨᠴᠢ ᠎ᠪᠠᠷ ᠤᠷᠤᠯᠳᠤᠭᠠᠨ ᠰᠣᠨᠢᠷᠬᠠᠬᠤ ᠭᠤᠷᠪᠠᠨ ᠶᠡᠬᠡ ᠲᠠᠯ᠎ᠠ᠎ᠶ᠋ᠢᠨ ᠲᠣᠭᠣᠷᠢᠨ ᠎ᠳᠤ᠂ 《ᠣᠶᠤᠨᠴᠢ ᠬᠠᠮᠢᠶᠠᠷᠤᠯᠲᠠ᠎ᠶ᠋ᠢᠨ ᠲᠠᠪᠴᠠᠩ》᠎ᠢ᠋ ᠨᠡᠭᠡᠭᠡᠨ ᠴᠤᠬᠴᠠᠯᠠᠵᠤ᠂ ᠤᠷᠤᠯᠳᠤᠭᠠᠨ᠎ᠳᠤ ᠣᠳᠣᠬᠢᠴᠢᠯᠠᠭ᠍ᠰᠠᠨ᠂ ᠣᠶᠤᠨᠴᠢᠯᠠᠭ᠍ᠰᠠᠨ᠂ ᠬᠥᠮᠥᠨᠯᠢᠭ ᠦᠶ᠋ᠯᠡᠴᠢᠯᠡᠭᠡᠨ ᠎ᠦ ᠳᠡᠮᠵᠢᠯᠭᠡ ᠬᠠᠩᠭᠠᠬᠤ ᠪᠠᠷ ᠪᠤᠢ᠃

ᠣᠳᠣᠬᠠᠨ ᠎ᠳᠤ᠂ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠎ᠶ᠋ᠢ ᠪᠥᠬᠥ᠌ ᠣᠷᠣᠨ᠎ᠤ ᠡᠯ᠎ᠡ ᠠᠢᠮᠠᠭ ᠬᠣᠲᠠ ᠪᠣᠯᠤᠨ ᠲᠣᠰ ᠬᠣᠲᠠ ᠎ᠶ᠋ᠢᠨ ᠡᠯ᠎ᠡ ᠬᠣᠱᠢᠭᠤ ᠲᠣᠭᠣᠷᠢᠭ ᠲᠡᠬᠢ ᠨᠡᠢᠲᠡ 20 ᠥᠷᠲᠡᠭᠡ ᠴᠡᠭ ᠎ᠲᠦ ᠲᠠᠮᠵᠢᠭᠤᠯᠵᠠᠢ᠂ ᠥᠷᠲᠡᠭᠡ ᠪᠦᠷᠢ ᠎ᠳᠦ 21 ᠭᠠᠯ ᠪᠠᠮᠪᠠᠷᠴᠢᠨ ᠲᠣᠬᠢᠷᠠᠭᠤᠯᠵᠤ᠂ 7 ᠰᠠᠷ᠎ᠠ ᠎ᠶ᠋ᠢᠨ 1 ᠎ᠤ᠋ ᠡᠳᠦᠷ ᠣᠷᠳᠣᠰ ᠬᠣᠲᠠ ᠎ᠶ᠋ᠢᠨ ᠣᠲᠣᠭ ᠎ᠤᠨ ᠡᠮᠦᠨᠡᠲᠦ ᠬᠣᠱᠢᠭᠤᠨ ᠎ᠤ ᠪᠤᠷᠤᠪᠠᠯᠭᠠᠰᠤ ᠎ᠳᠤ ᠭᠠᠯ ᠠᠪᠬᠤ ᠪᠠ ᠠᠩᠬᠠᠨ ᠎ᠤ ᠥᠷᠲᠡᠭᠡ ᠎ᠳᠦ ᠭᠠᠯ ᠪᠠᠮᠪᠠᠷ ᠳᠠᠮᠵᠢᠭᠤᠯᠬᠤ ᠡᠬᠢᠯᠡᠯᠲᠡ ᠎ᠶ᠋ᠢᠨ ᠶᠣᠰᠣᠯᠠᠯ ᠎ᠢ ᠶᠠᠪᠤᠬᠳᠠᠭᠤᠯᠪᠠ᠃ ᠲᠦᠷᠦᠭᠦᠬᠡᠨ᠂ ᠣᠲᠣᠭ ᠎ᠤᠨ ᠡᠮᠦᠨᠡᠲᠦ ᠬᠣᠱᠢᠭᠤ᠂ ᠣᠲᠣᠭ ᠬᠣᠱᠢᠭᠤ᠂ ᠠᠯᠠᠱᠠ ᠠᠢᠮᠠᠭ᠂ ᠦᠬᠠᠶ ᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ᠂ ᠱᠢᠯᠢ ᠎ᠶ᠋ᠢᠨ ᠭᠤᠤᠯ ᠠᠢᠮᠠᠭ ᠵᠡᠷᠭᠡ 9 ᠥᠷᠲᠡᠭᠡ ᠎ᠳᠤ ᠭᠠᠯ ᠪᠠᠮᠪᠠᠷ ᠲᠠᠮᠵᠢᠭᠤᠯᠵᠤ ᠂ 8 ᠰᠠᠷ᠎ᠠ ᠎ᠶ᠋ᠢᠨ 8 ᠎ᠤ᠋ ᠣᠷᠣᠶ ᠡᠬᠢᠯᠡᠯᠲᠡ᠎ᠶ᠋ᠢᠨ ᠶᠣᠰᠣᠯᠠᠯ᠎ᠤᠨ ᠭᠤᠤᠯ ᠬᠤᠷᠠᠯ᠎ᠤᠨ ᠲᠠᠯᠠᠪᠠᠶ᠎ᠳᠤ ᠲᠠᠮᠵᠢᠭᠤᠯᠤᠨ ᠬᠥᠷᠬᠡᠬᠥ᠌ ᠪᠣᠯᠤᠨ᠎ᠠ᠃

ᠡᠬᠢᠯᠡᠯᠲᠡ ᠎ᠶ᠋ᠢᠨ ᠶᠣᠰᠣᠯᠠᠯ ᠎ᠢ 8 ᠰᠠᠷ᠎ᠠ ᠎ᠶ᠋ᠢᠨ 8 ᠎ᠤ᠋ ᠣᠷᠣᠶ ᠣᠷᠳᠣᠰ ᠬᠣᠲᠠ ᠎ᠶ᠋ᠢᠨ ᠪᠡᠶ᠎ᠡ ᠎ᠶ᠋ᠢᠨ ᠲᠠᠮᠢᠷ ᠎ᠤᠨ ᠲᠥᠪ ᠎ᠦᠨ ᠪᠡᠶ᠎ᠡ ᠎ᠶ᠋ᠢᠨ ᠲᠠᠮᠢᠷ ᠎ᠤᠨ ᠲᠠᠯᠠᠪᠠᠶ ᠎ᠳᠤ ᠶᠠᠪᠤᠭ᠍ᠳᠠᠭᠤᠯᠬᠤ ᠎ᠪᠠᠷ ᠲᠣᠭ᠍ᠲᠠᠵᠤ᠂ 《ᠦᠵᠡᠰᠭᠦᠯᠡᠩᠲᠦ ᠰᠠᠢᠬᠠᠨ ᠤᠮᠠᠷᠠᠲᠤ ᠬᠢᠯᠢ ᠬᠠᠢᠷ᠎ᠠ ᠬᠠᠯᠠᠮᠵᠢᠳᠤ ᠬᠤᠲᠠ ᠵᠢᠨ ᠪᠤᠯᠵᠤᠭ᠎ᠠ》᠎ᠪᠠᠷ ᠭᠤᠤᠯ ᠰᠡᠳᠦᠪ ᠪᠣᠯᠭᠠᠵᠤ᠂ ᠡᠬᠢᠯᠡᠯᠲᠡ ᠎ᠶ᠋ᠢᠨ ᠶᠣᠰᠣᠯᠠᠯ᠂ ᠰᠣᠶᠣᠯ ᠪᠡᠶ᠎ᠡ ᠎ᠶ᠋ᠢᠨ ᠲᠠᠮᠢᠷ ᠎ᠤᠨ ᠦᠵᠡᠭᠦᠯᠭᠡ ᠎ᠶ᠋ᠢᠨ ᠲᠣᠭ᠍ᠯᠠᠯᠲᠠ ᠪᠠ ᠭᠠᠯ ᠪᠠᠮᠪᠠᠷ᠎ᠢ ᠠᠰᠠᠭᠠᠬᠤ ᠭᠤᠷᠪᠠᠨ ᠠᠭᠤᠯᠭ᠎ᠠ ᠲᠤᠬᠢᠷᠠᠭᠤᠯᠵᠤ᠂ 90 ᠮᠢᠨᠦ᠋ᠲ ᠱᠢᠬᠠᠮ ᠶᠠᠪᠤᠬᠳᠠᠬᠤ ᠪᠤᠯᠤᠨ᠎ᠠ᠃

ᠡᠬᠢᠯᠡᠯᠲᠡ ᠎ᠶ᠋ᠢᠨ ᠶᠣᠰᠣᠯᠠᠯ ᠎ᠳᠤ 3000 ᠱᠢᠬᠠᠮ ᠤᠯᠠᠨ ᠲᠦᠮᠡᠨ ᠲᠣᠭ᠍ᠯᠠᠭ᠍ᠴᠢ ᠣᠷᠣᠯᠴᠠᠨ᠎ᠠ᠂ 6 ᠰᠠᠷ᠎ᠠ ᠎ᠶ᠋ᠢᠨ 7 ᠎ᠤ᠋ ᠡᠳᠦᠷ ᠎ᠡᠴᠡ ᠡᠬᠢᠯᠡᠨ ᠪᠣᠯᠪᠠᠰᠤᠷᠠᠵᠤ᠂ 7 ᠰᠠᠷ᠎ᠠ ᠎ᠶ᠋ᠢᠨ 15 ᠎ᠤ᠋ ᠡᠳᠦᠷ ᠲᠠᠯᠠᠪᠤᠷ ᠎ᠲᠤ ᠣᠷᠣᠵᠤ ᠪᠤᠯᠪᠠᠰᠤᠷᠠᠵᠤ᠂ ᠣᠳᠣᠬᠠᠨ᠎ᠳᠤ ᠶᠡᠷᠦᠩᠬᠡᠢ ᠪᠣᠯᠪᠠᠰᠤᠷᠠᠯ ᠎ᠤᠨ ᠠᠬᠢᠴᠠ ᠨᠢᠭᠡᠨᠲᠡ 90% ᠎ᠳ᠋ᠤ ᠬᠦᠷᠴᠦ᠍᠂ 8 ᠰᠠᠷ᠎ᠠ ᠎ᠶ᠋ᠢᠨ 6 ᠎ᠤ᠋ ᠡᠳᠦᠷ ᠪᠦᠬᠦ᠌ ᠶᠠᠪᠤᠴᠠ᠂ ᠪᠦᠬᠦ᠌ ᠡᠯᠧᠮᠧᠨ᠋ᠲ ᠎ᠦᠨ ᠪᠡᠯᠡᠳᠭᠡᠯ ᠲᠣᠭ᠍ᠯᠠᠯᠲᠠ ᠭᠠᠷᠭᠠᠬᠤ ᠎ᠪᠠᠷ ᠲᠥᠯᠥᠪᠯᠡᠵᠦ᠍ ᠪᠠᠢᠨ᠎ᠠ᠃ ᠨᠢᠭᠡᠳᠦᠯᠲᠡᠶ ᠵᠢᠯᠣᠭᠣᠳᠭᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠬᠣᠲᠠ ᠵᠢ ᠲᠤᠭᠤᠷᠢᠭᠰᠠᠨ᠂ ᠳ᠋ᠦᠩᠱᠧᠩ ᠲᠤᠭᠤᠷᠢᠭ ᠬᠢᠶ᠎ᠠ ᠪᠠᠭᠰᠢ ᠲᠤᠭᠤᠷᠢᠭ ᠡᠵᠡᠨ ᠬᠤᠷᠤᠭ᠎ᠠ ᠬᠤᠰᠢᠭᠤ ᠵᠢ ᠲᠤᠭᠤᠷᠢᠭᠰᠠᠨ᠂ ᠭᠤᠤᠯ ᠪᠤᠯᠬᠤ ᠤᠷᠤᠨ᠎ᠢ ᠲᠤᠭᠤᠷᠢᠭᠰᠠᠨ《ᠭᠤᠷᠪᠠᠨ ᠴᠠᠭᠠᠷᠢᠭ》 ᠲᠣᠬᠢᠷᠠᠭᠤᠯᠵᠤ᠂ ᠭᠤᠤᠯᠳᠠᠯᠭ᠎ᠠ᠎ᠲᠠᠶ ᠬᠡᠰᠡᠭ᠎ᠲᠦ ᠬᠠᠮᠢᠶᠠᠷᠤᠨ ᠡᠵᠡᠮᠳᠡᠬᠦ ᠣᠷᠣᠨ᠂ ᠰᠡᠷᠭᠡᠢᠯᠡᠯᠲᠡ᠎ᠶ᠋ᠢᠨ ᠣᠷᠣᠨ ᠪᠠ ᠭᠤᠤᠯ ᠪᠤᠯᠬᠤ ᠤᠷᠤᠨ ᠭᠡᠬᠦ 《ᠭᠤᠷᠪᠠᠨ ᠤᠷᠤᠨ》 ᠲᠣᠬᠢᠷᠠᠭᠤᠯᠵᠤ᠂ 《ᠨᠢᠭᠡ ᠲᠠᠯᠠᠪᠤᠷ ᠣᠷᠳᠣᠨ᠎ᠳᠤ ᠨᠢᠭᠡ ᠪᠦᠯᠬᠦᠮ ᠬᠠᠮᠲᠤ ᠂ ᠨᠢᠭᠡ ᠤᠷᠤᠯᠳᠤᠭᠠᠨ᠎ᠳᠤ ᠨᠢᠭᠡ ᠲᠥᠰᠦᠯ》 ᠎ᠤ᠋ᠨ ᠱᠠᠭᠠᠷᠳᠠᠯᠭ᠎ᠠ ᠶᠣᠰᠣᠭᠠᠷ᠂ ᠠᠮᠤᠷ ᠲᠦᠪᠱᠢᠨ ᠎ᠢ ᠬᠠᠮᠠᠭᠠᠯᠠᠬᠤ ᠨᠠᠷᠢᠯᠢᠬ ᠲᠣᠳᠣᠷᠬᠠᠶ ᠲᠥᠰᠦᠯ ᠲᠣᠭ᠍ᠲᠠᠭᠠᠵᠤ᠂ ᠲᠠᠰ ᠳᠠᠪᠬᠤᠷᠭ᠎ᠠ ᠬᠤᠪᠢᠶᠠᠨ ᠰᠣᠷᠢᠯᠲᠠ ᠬᠢᠵᠦ᠍ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面